ᠲᠠᠶᠢᠹᠤᠰᠧ ᠬᠤᠰᠢᠭᠤᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠨᠡᠶᠢᠬᠡᠮᠯᠢᠭ ᠪᠠᠶᠢᠭᠤᠯᠤᠭᠳᠠᠪᠡ
ᠨᠡᠶᠢᠲᠡᠯᠡᠭᠰᠡᠨ ᠴᠠᠭ᠄
2022/8/5
   8 ᠰᠠᠷ᠎ᠠ ᠶᠢᠨ 3 ᠤ ᠡᠳᠦᠷ᠂ ᠲᠠᠶᠢᠹᠤᠰᠧ ᠬᠤᠰᠢᠭᠤᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠨᠡᠶᠢᠬᠡᠮᠯᠢᠭ ᠪᠠᠶᠢᠭᠤᠯᠤᠭᠳᠠᠬᠤ ᠶᠡᠭᠡ ᠬᠤᠷᠠᠯ  ᠬᠤᠷᠠᠯᠳᠤᠵᠤ᠂  ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠵᠢᠴᠢ ᠭᠡᠰᠢᠭᠦᠨ ᠤ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠤᠨᠤᠰᠤᠨ᠂ ︽ᠲᠠᠶᠢᠹᠤᠰᠧ ᠬᠤᠰᠢᠭᠤᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠨᠡᠶᠢᠬᠡᠮᠯᠢᠭ  ᠤᠨ ᠳᠦᠷᠢᠮ ︵ᠲᠥᠰᠥᠯ︶︾᠂ ︽ᠲᠠᠶᠢᠹᠤᠰᠧ ᠬᠤᠰᠢᠭᠤᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠨᠡᠶᠢᠬᠡᠮᠯᠢᠭ  ᠤᠨ ᠰᠦᠢᠳᠬᠡᠯ  ᠲᠤᠰᠢᠶᠠᠬᠤ ᠪᠠ ᠬᠠᠨᠳᠢᠪᠯᠡᠬᠤ ᠠᠷᠭ᠎ᠠ ︵ᠲᠥᠰᠥᠯ︶︾ ︽ᠲᠠᠶᠢᠹᠤᠰᠧ ᠬᠤᠰᠢᠭᠤᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠨᠡᠶᠢᠬᠡᠮᠯᠢᠭ  ᠤᠨ ᠤᠳᠤᠷᠢᠳᠬᠤ ᠪᠠᠭ᠂ ᠪᠠᠶᠢᠩᠭᠤ ᠶᠢᠨ ᠬᠡᠷᠡᠭ ᠡᠷᠬᠢᠯᠡᠭᠴᠢ ᠶᠢ ᠰᠣᠩᠭᠤᠬᠤ ᠠᠷᠭ᠎ᠠ ︵ᠲᠥᠰᠥᠯ︶︾ ᠶᠢ ᠬᠢᠨᠠᠨ ᠵᠥᠪᠯᠡᠵᠦ  ᠪᠠᠳᠤᠯᠠᠭᠰᠠᠨ ᠪᠦᠭᠡᠳ ᠠᠩᠬᠠᠳᠤᠭᠠᠷ ᠬᠤᠭᠤᠴᠠᠭᠠᠨ ᠤ ᠨᠡᠶᠢᠬᠡᠮᠯᠢᠭ  ᠤᠨ ᠳᠠᠷᠤᠭ᠎ᠠ᠂  ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠬᠡᠷᠡᠭ ᠡᠷᠬᠢᠯᠡᠭᠴᠢᠳ ᠢ ᠰᠣᠩᠭᠤᠨ ᠭᠠᠷᠭᠠᠪᠠ᠃  ᠰᠢᠨ᠎ᠡ ᠪᠠᠷ ᠰᠣᠩᠭᠤᠭᠳᠠᠭᠰᠠᠨ ᠨᠡᠶᠢᠬᠡᠮᠯᠢᠭ ᠤᠨ ᠳᠠᠷᠤᠭ᠎ᠠ ᠮᠢᠶᠣᠣ ᠴᠢᠩ ᠬᠠᠢ ᠨᠥᠬᠦᠷ  ᠬᠤᠷᠠᠯ ᠲᠡᠭᠡᠷ᠎ᠡ ᠣᠪᠣᠷ ᠢᠶᠠᠨ ᠢᠯᠡᠳᠬᠡᠬᠦ ᠦᠭᠡ  ᠬᠡᠯᠡᠵᠡᠢ᠃ ᠬᠤᠷᠠᠯ ᠠᠴᠠ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠪᠣᠯ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠬᠦᠴᠦᠯᠡᠬᠦ ᠴᠡᠭ  ᠪᠠᠶᠢᠵᠤ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠪᠣᠯ ᠲᠥᠪ ᠠᠴᠠ ᠨᠢᠭᠡᠳᠦᠮᠡᠯ ᠹᠷᠣᠨᠲ ᠤᠨ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠪᠣᠯᠣᠨ᠎ᠠ᠃  ᠡᠷᠭᠡᠪᠰᠢ ︽ᠭᠦᠢᠴᠡᠳ ᠬᠦᠨᠳᠦᠳᠬᠡᠬᠦ᠂ ᠥᠷᠭᠡᠨ ᠢᠶᠠᠷ ᠬᠠᠷᠢᠯᠴᠠᠬᠤ᠂ ᠪᠦᠯᠬᠦᠮᠳᠡᠯ ᠢᠶᠠᠨ ᠴᠢᠩᠭᠠᠳᠬᠠᠬᠤ᠂ ᠬᠠᠯᠠᠭᠤᠨ ᠢᠶᠠᠷ ᠬᠠᠪᠰᠤᠷᠬᠤ᠂ ᠢᠳᠡᠪᠬᠢᠲᠡᠢ ᠪᠠᠷ ᠵᠢᠯᠤᠭᠤᠳᠬᠤ︾ ᠴᠢᠭᠯᠡᠯᠲᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠤᠯᠤᠰ ᠲᠦᠷᠦ ᠶᠢᠨ  ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠪᠥᠬᠦ ᠬᠤᠰᠢᠭᠤᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠨᠢ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠨ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠵᠦ᠂ ᠳᠤᠮᠳᠠᠳᠤ ᠶᠢᠨ ᠰᠣᠶᠣᠯ ᠢ ᠪᠠᠳᠠᠷᠠᠭᠤᠯᠤᠨ᠂ ᠨᠡᠶᠢᠭᠡᠮ ᠤᠨ ᠪᠠᠶᠢᠭᠤᠯᠤᠯᠲᠠ ᠳᠤ ᠣᠷᠣᠯᠴᠠᠵᠤ᠂ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ  ᠠᠬᠢᠭᠤᠯᠤᠨ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号