ᠰᠢᠯᠢ ᠶᠢᠨ ᠭᠤᠣᠯ ᠠᠶᠢᠮᠠᠭ · ᠲᠠᠶᠢᠹᠤᠰᠧ ᠬᠤᠰᠢᠭᠤᠨ ᠤ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ  ᠬᠤᠷᠠᠯᠳᠤᠭᠰᠠᠨ
ᠨᠡᠶᠢᠲᠡᠯᠡᠭᠰᠡᠨ ᠴᠠᠭ᠄
2022/8/5
  8 ᠰᠠᠷ᠎ᠠ ᠶᠢᠨ 3 ᠤ ᠡᠳᠦᠷ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠲᠠᠭᠠᠭᠠᠴᠢᠯᠠᠨ ᠡᠷᠭᠢᠯᠡᠭᠰᠡᠨ ︽ᠰᠢᠯᠢ ᠶᠢᠨ ᠭᠤᠣᠯ ᠠᠶᠢᠮᠠᠭ · ᠲᠠᠶᠢᠹᠤᠰᠧ ᠬᠤᠰᠢᠭᠤᠨ ᠤ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ︾  ᠾᠧᠪᠧᠢ ᠮᠤᠵᠢ ᠶᠢᠨ ᠷᠧᠨ ᠴᠢᠦ ᠬᠤᠲᠠ ᠳᠤ ᠠᠮᠵᠢᠯᠲᠠ ᠲᠠᠢ ᠶᠠᠪᠤᠭᠳᠠᠪᠠ᠃ ᠣᠶᠢᠷ᠎ᠠ ᠶᠢᠨ ᠵᠢᠯ  ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠨᠢ ᠶᠡᠷᠦᠩᠬᠡᠢ ᠱᠦᠵᠢ ᠰᠢ ᠶᠢᠨ ᠫᠢᠩ   ᠤᠨ ᠥᠪᠥᠷ ᠮᠣᠩᠭᠤᠯ ᠳᠤ ᠬᠠᠨᠳᠤᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ  ᠪᠠᠷᠢᠮᠳᠠᠯᠠᠨ᠂ ᠣᠷᠣᠨ ᠪᠠᠶᠢᠷᠢ᠂ ᠡᠬᠢ ᠪᠠᠶᠠᠯᠢᠭ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠠᠭᠠᠨ  ᠲᠦᠰᠢᠭᠯᠡᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠳᠤᠷᠠᠯᠴᠠᠨ ᠬᠥᠭᠵᠢᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠣᠷᠣᠨ ᠪᠦᠰᠡ ᠶᠢᠨ ᠬᠠᠮᠵᠢᠯᠴᠠᠭ᠎ᠠ᠂ ᠠᠵᠤ ᠦᠢᠯᠡᠰ ᠤᠨ ᠬᠠᠮᠵᠢᠯᠴᠠᠭ᠎ᠠ ᠪᠠᠨ ᠡᠳᠦᠷ ᠢᠷᠡᠬᠦᠶ᠎ᠡ  ᠠᠬᠢᠭᠤᠯᠤᠭᠠᠳ᠂ ᠡᠯᠪᠡᠭ ᠪᠠᠶᠠᠯᠢᠭ ᠦᠷ᠎ᠡ ᠪᠦᠲᠦᠭᠡᠯ  ᠤᠯᠤᠭᠰᠠᠨ ᠪᠠᠶᠢᠨ᠎ᠠ᠃ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂  ᠠᠶᠢᠮᠠᠭ ᠤᠨ ᠳᠡᠳ᠋ ᠳᠠᠷᠤᠭ᠎ᠠ ᠬᠤ᠋ ᠴᠧᠩ ᠳ᠋ᠦᠩ  ᠤᠭᠳᠤᠯᠭ᠎ᠠ ᠶᠢᠨ ᠦᠭᠡ ᠬᠡᠯᠡᠵᠦ᠂  ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠠᠴᠠ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠬᠢᠵᠦ᠂ ᠪᠡᠭᠡᠵᠢᠩ ᠲᠢᠶᠠᠨᠵᠢᠨ ᠾᠧᠪᠸᠢ ᠣᠷᠣᠨ ᠠᠴᠠ ᠢᠷᠡᠭᠰᠡᠨ 30 ᠭᠠᠷᠤᠢ ᠠᠵᠤ ᠠᠬᠤᠶᠢᠯᠠᠯᠳᠠᠨ ᠬᠤᠷᠠᠯ ᠳᠤ ᠤᠷᠤᠯᠴᠠᠵᠠᠢ᠃ ᠲᠠᠶᠢᠹᠦᠰᠧ ᠬᠤᠰᠢᠭᠤᠨ ᠤ ᠵᠠᠰᠠᠭ ᠤᠨ ᠣᠷᠳᠣᠨ   ᠨᠢ ᠷᠧᠨ ᠴᠢᠦ ᠬᠤᠲᠠ ᠶᠢᠨ ᠰᠧ ᠸᠧᠢ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠺᠣᠮᠫᠠᠨᠢ᠂ ᠰᠢᠤᠸᠠᠨ ᠮᠢᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ   ᠶᠢᠨ ᠬᠢᠵᠠᠭᠠᠷᠲᠤ ᠺᠣᠮᠫᠠᠨᠢ ᠵᠡᠷᠭᠡ  ᠠᠵᠤ ᠠᠬᠤᠶᠢᠯᠠᠯ ᠤᠳ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ  ᠵᠢᠷᠤᠪᠠ᠃ ᠡᠨᠡ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠬᠢᠭᠰᠡᠨ ᠨᠢ ᠰᠢᠯᠢ ᠶᠢᠨ ᠭᠤᠣᠯ ᠠᠶᠢᠮᠠᠭ ᠤᠨ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠬᠤ᠂ ᠪᠡᠭᠡᠵᠢᠩ ᠲᠢᠶᠠᠨᠵᠢᠨ ᠾᠧᠪᠸᠢ ᠶᠢᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠭᠥᠯᠢᠶᠡᠨ ᠠᠪᠬᠤ ᠪᠠᠰᠠ ᠨᠢᠭᠡᠨ ᠦᠢᠯᠡᠳᠦᠯᠭᠡ ᠶᠢᠨ ᠠᠵᠢᠯᠯᠠᠭ᠎ᠠ ᠪᠣᠯᠵᠤ᠂ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠤᠨ ᠬᠦᠴᠦᠷᠬᠡᠭᠵᠢᠭᠦᠯᠬᠦ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠣᠳᠠᠲᠤ ᠠᠴᠢ ᠬᠤᠯᠪᠣᠭᠳᠠᠯ ᠲᠠᠢ ᠶᠤᠮ᠃ ᠬᠤᠷᠠᠯ ᠤᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠭᠦᠨᠵᠡᠭᠡᠢ ᠶᠠᠷᠢᠯᠴᠠᠨ ᠰᠣᠯᠢᠯᠴᠠᠵᠤ᠂ ᠲᠦᠷᠦᠯ ᠵᠦᠢᠯ ᠤᠨ ᠬᠠᠮᠲᠤᠷᠠᠯᠴᠠᠭᠠᠨ ᠤ ᠪᠣᠳᠠᠲᠠᠢ ᠶᠠᠪᠤᠳᠠᠯ ᠢ ᠨᠠᠷᠢᠨ ᠨᠢᠭᠲᠠ ᠵᠤᠯᠭᠠᠭᠤᠯᠤᠭᠰᠠᠨ ᠤ ᠬᠠᠮᠲᠤ  ᠂ ᠲᠢᠶᠠᠨ ᠱᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂   ᠶᠢᠨ ᠺᠦᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠠᠶᠢᠨ᠎ᠠ᠃ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠢᠴᠢ ᠲᠠᠶᠢᠹᠤᠰᠧ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号