ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2022/8/5
   8 ᠰᠠᠷ᠎ᠠ ᠶᠢᠨ 3 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠸᠧᠨ ᠴᠠᠩ   ᠤᠨ ᠲᠠᠭᠠᠭᠤᠯᠤᠭᠰᠠᠨ ᠪᠠᠶᠢᠴᠠᠭᠠᠨ ᠰᠤᠳᠤᠯᠬᠤ ᠪᠦᠯᠬᠦᠮ ᠦᠨᠳᠦᠰᠦᠨ ᠱᠠᠲᠤᠨ ᠳᠤ ᠬᠦᠨᠵᠡᠬᠡᠶᠢᠷᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠤᠯᠬᠤ ᠡᠷᠦᠬᠡ ᠶᠢᠨ ᠵᠣᠷᠯᠣᠩ  ᠢ ᠦᠬᠡᠷᠡᠴᠢᠯᠡᠨ ᠰᠠᠶᠢᠵᠢᠷᠠᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ  ᠰᠤᠳᠤᠯᠬᠤ ᠪᠦᠯᠬᠦᠮ ᠤᠨ ᠬᠢᠨ ᠤᠷᠢᠳ ᠬᠤᠵᠢᠳ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ᠂ ᠰᠠᠨ ᠵᠢᠶᠧ ᠲᠣᠰᠬᠤᠨ᠂ ᠮᠢᠩ ᠵᠦᠩ ᠲᠣᠰᠬᠤᠨ᠂ ᠬᠦᠨᠪᠤᠯᠠᠭ ᠰᠤᠮᠤᠨ ᠤ ᠬᠠᠶᠢᠷᠠᠳᠤ ᠭᠠᠴᠠᠭ᠎ᠠ᠂  ᠪᠤᠤᠴᠠᠩ ᠪᠠᠯᠭᠠᠰᠤᠨ ᠤ ᠦ᠋ ᠵᠢᠩ ᠲᠣᠰᠬᠤᠨ ᠳᠤ ᠭᠦᠨᠵᠡᠭᠡᠶᠢᠷᠡᠵᠦ᠂  ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠪᠣᠯᠣᠨ ᠲᠤᠯᠭᠠᠷᠠᠭᠰᠠᠨ ᠠᠰᠠᠭᠤᠳᠠᠯ ᠢ ᠨᠠᠷᠢᠨ ᠨᠢᠮᠪᠠᠢ ᠠᠰᠠᠭᠤᠨ ᠯᠠᠪᠯᠠᠵᠤ ᠪᠠᠶᠢᠴᠠᠭᠠᠨ ᠰᠤᠳᠤᠯᠤᠭᠰᠠᠨ ᠪᠦᠭᠡᠳ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠪᠣᠯ ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠨᠢᠭᠡ ᠭᠤᠭᠴᠤᠭ᠎ᠠ ᠪᠣᠯᠣᠨ᠎ᠠ᠂  ᠡᠷᠭᠡᠪᠰᠢ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠪᠠᠷᠢᠮᠵᠢᠶ᠎ᠠ ᠶᠤᠰᠤᠭᠠᠷ ᠥᠭᠡᠷᠡᠴᠢᠯᠡᠨ ᠰᠠᠶᠢᠵᠢᠷᠠᠭᠤᠯᠵᠤ᠂ ᠠᠵᠢᠯ ᠤᠨ ᠬᠤᠷᠳᠤᠴᠠ ᠪᠠ ᠴᠢᠨᠠᠷ ᠢ ᠪᠠᠲᠤᠯᠠᠬᠤ ᠬᠡᠷᠡᠭᠲᠡᠢ᠃  ᠵᠣᠷᠯᠣᠩ ᠤᠨ ᠦᠬᠡᠷᠡᠴᠢᠯᠡᠯᠳᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠡᠮᠬᠢᠯᠡᠨ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂  ᠭᠠᠴᠠᠭ᠎ᠠ ᠲᠣᠰᠬᠤᠨ ᠤ ᠺᠠᠳ᠋ᠷᠴᠤᠳ ᠨᠢ ᠥᠷᠭᠡᠨ ᠣᠯᠠᠨ ᠮᠠᠯᠴᠢᠨ ᠲᠠᠷᠢᠶᠠᠴᠢᠨ ᠢ ᠬᠠᠪᠰᠤᠷᠤᠨ  ᠵᠣᠷᠯᠣᠩ ᠤᠨ ᠦᠬᠡᠷᠡᠴᠢᠯᠡᠯᠳᠡ ᠶᠢᠨ ᠳᠤᠮᠳᠠ ᠢᠯᠡᠷᠡᠭᠰᠡᠨ ᠠᠰᠠᠭᠤᠳᠠᠯ ᠢ ᠰᠢᠢᠳᠪᠦᠷᠢᠯᠡᠵᠦ᠂  ᠵᠣᠷᠯᠣᠩ  ᠤᠨ ᠦᠬᠡᠷᠡᠴᠢᠯᠡᠯᠳᠡ ᠶᠢᠨ ᠦᠷ᠎ᠡ ᠠᠰᠢᠭ ᠢ ᠠᠷᠠᠳ ᠤᠯᠠᠨ ᠳᠤ ᠦᠨᠡᠨ ᠬᠦ ᠮᠡᠳᠡᠷᠡᠭᠦᠯᠬᠦ ᠬᠡᠷᠡᠭᠲᠡᠢ ᠬᠡᠵᠦ ᠵᠢᠭᠠᠨ ᠭᠠᠷᠭᠠᠵᠠᠢ  ᠃ ᠴᠢᠶᠠᠨ ᠶᠢᠨ ᠭᠧᠦ ᠪᠠᠯᠭᠠᠰᠤ᠂  ᠬᠦᠨᠪᠤᠯᠠᠭ ᠰᠤᠮᠤ᠂ ᠪᠤᠤᠴᠠᠩ  ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号