ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠲᠠᠶᠢᠹᠤᠰᠧ ᠬᠤᠰᠢᠭᠤᠨ ᠳᠤ ᠬᠠᠤᠯᠢ ᠴᠠᠭᠠᠵᠠ ᠶᠢᠨ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2022/8/5
    8 ᠰᠠᠷ᠎ᠠ ᠶᠢᠨ 3  ᠤ ᠡᠳᠦᠷ᠂ ᠰᠢᠯᠢ ᠶᠢᠨ ᠭᠤᠣᠯ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠰᠢᠯᠢ ᠶᠢᠨ ᠭᠤᠣᠯ ᠠᠶᠢᠮᠠᠭ ᠤᠨ ᠦᠨᠳᠦᠰᠦᠨ ᠱᠠᠲᠤᠨ ᠤ ᠬᠤᠷᠢᠶ᠎ᠠ ᠲᠠᠢ ᠬᠠᠮᠲᠤᠷᠠᠨ ᠲᠠᠶᠢᠹᠤᠰᠧ ᠬᠤᠰᠢᠭᠤᠨ ᠤ ᠯᠦᠸᠧ ᠲᠦᠸᠧ ᠱᠠᠨ ᠪᠠᠯᠭᠠᠰᠤᠨ ᠳᠤ ᠬᠦᠨᠵᠡᠬᠡᠶᠢᠷᠡᠵᠦ᠂ ︽ᠬᠠᠤᠯᠢ ᠶᠢᠨ ᠦᠢᠯᠡᠴᠢᠯᠡᠭᠡ ᠶᠢ ᠬᠥᠳᠡᠭᠡ ᠬᠦᠷᠭᠡᠵᠦ᠂ ᠠᠷᠠᠳ ᠢᠷᠭᠡᠳ ᠲᠤ ᠠᠰᠢᠭ ᠬᠦᠷᠳᠡᠭᠡᠬᠦ︾ ᠬᠠᠤᠯᠢ ᠴᠠᠭᠠᠵᠠ ᠶᠢᠨ  ᠤᠬᠠᠭᠤᠯᠭ᠎ᠠ ᠲᠠᠶᠢᠯᠤᠮᠵᠢ ᠪᠠ ︽ ᠬᠠᠤᠯᠢ ᠴᠠᠭᠠᠵᠠ ᠡᠮ ᠡᠮᠨᠡᠯᠭᠡ ᠶᠢ ᠬᠦᠳᠡᠭᠡ ᠲᠤᠰᠬᠤᠨ ᠳᠤ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠡᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠢ ᠠᠵᠢᠯᠯᠠᠭ᠎ᠠ ᠳᠤ ᠤᠷᠤᠯᠴᠠᠪᠠ  ᠃ ᠬᠠᠤᠯᠢ ᠴᠠᠭᠠᠵᠠ  ᠶᠢ ᠤᠬᠠᠭᠤᠯᠤᠨ ᠲᠠᠶᠢᠯᠪᠤᠷᠢᠯᠠᠬᠤ ᠠᠬᠤᠢ  ᠲᠠᠯᠠᠪᠠᠢ ᠳᠤ᠂ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶᠠᠨ ᠤ ᠬᠠᠤᠯᠢᠴᠢ ᠨᠠᠷ ᠠᠴᠠ ᠳᠡᠷᠭᠡᠳᠡᠬᠢ ᠦᠯᠢᠭᠡᠷ ᠵᠢᠱᠢᠶ᠎ᠡ ᠪᠠ  ᠠᠮᠵᠢᠯᠳᠠ ᠲᠤᠷᠰᠢᠯᠭ᠎ᠠ ᠲᠠᠢ ᠤᠶᠠᠯᠳᠤᠭᠤᠯᠤᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ  ᠤᠬᠠᠭᠤᠯᠭ᠎ᠠ ᠲᠠᠶᠢᠯᠤᠮᠵᠢ ᠶᠢᠨ ᠬᠡᠯᠪᠡᠷᠢ ᠪᠠᠷ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ᠂ ᠬᠥᠳᠡᠯᠮᠦᠷᠢ ᠶᠢᠨ ᠬᠠᠷᠢᠴᠠᠭ᠎ᠠ᠂ ᠣᠷᠤᠭ ᠭᠡᠷ ᠪᠦᠯᠢ ᠶᠢᠨ ᠶᠠᠪᠤᠳᠠᠯ ᠂ ᠬᠤᠪᠢ ᠬᠥᠮᠥᠨ ᠤ ᠵᠢᠭᠡᠯᠡᠯᠭᠡ᠂ ᠡᠷᠬᠡ ᠳᠤ ᠬᠠᠯᠳᠠᠭᠰᠠᠨ ᠵᠢᠭᠤᠷᠠᠭᠠᠨ ᠵᠡᠷᠭᠡ ᠲᠠᠯ᠎ᠠ ᠶᠢᠨ ᠬᠠᠤᠯᠢ ᠶᠢᠨ ᠮᠡᠳᠡᠯᠭᠡ ᠶᠢ ᠠᠷᠠᠳ ᠢᠷᠭᠡᠳ ᠲᠤ  ᠬᠦᠷᠳᠡᠭᠡᠭᠰᠡᠨ ᠪᠠᠶᠢᠨ᠎ᠠ᠃  ᠵᠠᠩ ᠹᠠᠩ ᠱᠠᠨ ᠲᠣᠰᠬᠤᠨ ᠳᠤ᠂  ᠠᠶᠢᠮᠠᠭ ᠤᠨ  ᠡᠮᠨᠡᠯᠭᠡ ᠶᠢᠨ ᠬᠤᠷᠢᠶ᠎ᠠ᠂  ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ   ᠨᠠᠷ ᠡᠪᠡᠳᠴᠢᠨ ᠢᠶᠠᠨ ᠦᠵᠡᠬᠦᠯᠬᠦ  ᠪᠠᠷ ᠢᠷᠡᠭᠰᠡᠨ ᠲᠣᠰᠬᠤᠨ ᠤ ᠠᠷᠠᠳ ᠲᠤ ᠨᠠᠷᠢᠨ ᠨᠢᠮᠪᠠᠢ ᠣᠨᠣᠰᠢᠯᠠᠯᠲᠠ ᠬᠢᠵᠦ᠂  ᠪᠡᠶ᠎ᠡ ᠶᠢᠨ ᠪᠠᠶᠢᠳᠠᠯ ᠢ ᠨᠢ ᠤᠶᠢᠯᠠᠭᠠᠬᠤ ᠶᠢᠨ ᠬᠠᠮᠳᠤ᠂  ᠰᠢᠬᠢᠷ ᠢ ᠪᠠᠭᠤᠷᠠᠭᠤᠯᠤᠨ ᠳᠠᠷᠤᠯᠲᠠ ᠶᠢ ᠪᠠᠭᠤᠷᠠᠭᠤᠯᠬᠤ ᠮᠡᠳᠡᠯᠭᠡ ᠪᠣᠯᠣᠨ ᠪᠡᠶ᠎ᠡ ᠰᠤᠪᠢᠯᠠᠬᠤ ᠮᠡᠳᠡᠯᠭᠡ ᠶᠢ ᠬᠠᠯᠠᠰᠢᠷᠠᠯ ᠦᠭᠡᠢ ᠲᠠᠶᠢᠯᠪᠤᠷᠢᠯᠠᠨ ᠥᠭᠴᠦ᠂ ᠠᠷᠠᠳ  ᠤᠯᠠᠨ ᠤ ᠳᠤᠷᠠᠳᠤᠭᠰᠠᠨ ᠠᠰᠠᠭᠤᠳᠠᠯ ᠳᠤ ᠨᠠᠷᠢᠨ ᠬᠢᠨᠠᠮᠠᠭᠠᠢ ᠬᠠᠷᠢᠭᠤᠯᠳᠠ ᠲᠠᠶᠢᠯᠪᠤᠷᠢ ᠬᠢᠵᠦ ᠪᠠᠶᠢᠯ᠎ᠠ  ᠃  ᠡᠮᠴᠢᠯᠡᠭᠡᠨ ᠤ ᠪᠦᠯᠬᠦᠮ ᠪᠠᠰᠠ ᠬᠥᠳᠡᠯᠵᠦ ᠪᠠᠷᠢᠬᠤ ᠳᠤ ᠳᠥᠭᠦᠮ ᠦᠭᠡᠢ ᠡᠪᠡᠳᠴᠢᠲᠡᠨ ᠤ  ᠭᠡᠷ ᠲᠤᠨᠢ ᠬᠦᠷᠴᠦ  ᠠᠯᠪᠠᠨ ᠵᠢᠷᠤᠮ ᠤᠨ  ᠡᠮᠴᠢᠯᠡᠭᠡ ᠬᠢᠵᠠᠢ᠃  ᠡᠨᠡ ᠤᠳᠠᠭᠠᠨ ᠤ ᠠᠵᠢᠯᠯᠠᠭ᠎ᠠ ᠳᠤ ᠨᠡᠶᠢᠲᠡ 500 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ  ᠪᠠ ᠲᠦᠮᠡᠨ ᠲᠥᠭᠦᠷᠢᠭ ᠤᠨ ᠦᠨ᠎ᠡ ᠥᠷᠲᠡᠭ ᠪᠦᠬᠦᠢ ᠡᠮ ᠤᠨ ᠵᠦᠢᠯ ᠢ  ᠲᠤᠰᠬᠤᠨ ᠤ ᠠᠷᠠᠳ ᠳᠤ ᠲᠠᠷᠬᠠᠭᠠᠭᠰᠠᠨ ᠪᠠᠶᠢᠨ᠎ᠠ᠃ ᠠᠵᠢᠯᠯᠠᠭ᠎ᠠ ᠪᠠᠷ ᠲᠠᠮᠵᠢᠭᠠᠳ᠂ ᠠᠷᠠᠳ ᠤᠯᠠᠨ ᠤ ᠬᠠᠤᠯᠢ ᠰᠤᠷᠤᠯᠴᠠᠬᠤ ᠢᠳᠡᠪᠬᠢᠵᠢᠯ ᠢ ᠳᠠᠶᠢᠴᠢᠯᠠᠵᠤ᠂   ᠲᠠᠷᠢᠶᠠᠴᠢᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠷᠠᠭᠤᠯᠤᠭᠰᠠᠨ ᠮᠥᠷᠲᠡᠭᠡᠨ ᠪᠠᠰᠠ ᠡᠮᠴᠢᠯᠡᠭᠡᠨ ᠤ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂  ᠲᠤᠰᠬᠠᠢ  ᠮᠡᠷᠭᠡᠵᠢᠯ ᠤᠨ ᠰᠢᠯᠢᠳᠡᠭ ᠦᠢᠯᠡᠴᠢᠯᠡᠭᠡ   ᠪᠠᠷ ᠠᠷᠠᠳ ᠤᠯᠠᠨ ᠢ  ᠪᠠᠶᠠᠷᠯᠠᠭᠤᠯᠤᠨ ᠲᠤᠭᠳᠤᠯᠤᠭᠤᠯᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号