ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ᠂ ᠡᠨᠧᠷᠭᠢ ᠶᠢᠨ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ | ᠭᠤᠣᠯ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠤᠶᠢᠯᠠᠭᠠᠵᠤ ᠡᠵᠡᠮᠰᠢᠬᠦ ᠪᠠᠷ 8 ᠰᠠᠷ᠎ᠠ ᠶᠢᠨ 4 ᠤ ᠡᠳᠦᠷ | ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠲᠠᠶᠢᠹᠤᠰᠧ ᠬᠤᠰᠢᠭᠤᠨ ᠳᠤ | ᠬᠦᠨᠵᠡᠬᠡᠶᠢᠷᠡᠵᠦ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠡᠢ᠃ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠳ᠋ | ᠲᠡᠷᠢᠭᠦᠯᠡᠭᠴᠢ ᠴᠢ ᠵᠢᠦ ᠴᠧᠩ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃ ᠶᠠᠷᠢᠯᠴᠠᠬᠤ ᠬᠤᠷᠠᠯ | ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠠᠵᠢᠯ ᠢᠶᠠᠨ ᠥᠷᠨᠢᠭᠦᠯᠦᠭᠰᠡᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ | ᠰᠠᠯᠠᠭ᠎ᠠ ᠮᠥᠴᠢᠷ ᠤᠨ ᠲᠤᠰᠬᠠᠭᠰᠠᠨ ᠠᠰᠠᠭᠤᠳᠠᠯ ᠪᠣᠯᠣᠨ ᠬᠦᠴᠢᠷᠳᠡᠯ ᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ᠂ | ᠲᠠᠶᠢᠹᠤᠰᠧ ᠬᠤᠰᠢᠭᠤᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠡᠨᠧᠷᠭᠢ ᠶᠢᠨ ᠠᠵᠤ ᠦᠢᠯᠡᠰ᠂ | ᠰᠣᠶᠣᠯ ᠵᠤᠭᠠᠴᠠᠯ ᠤᠨ ᠠᠵᠤ ᠦᠢᠯᠡᠰ ᠤᠨ ᠲᠤᠬᠠᠢ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠲᠤᠷᠠᠳᠤᠭᠰᠠᠨ | ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠣᠷᠣᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠡᠷᠡᠭᠵᠢᠬᠦᠯᠦᠯᠳᠡ ᠶᠢ ᠭᠦᠢᠴᠡᠳ ᠨᠤᠳᠠᠯᠠᠭᠰᠠᠨ ᠤ ᠬᠠᠮᠳᠤ᠂ | ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠠᠵᠠ ᠲᠣᠬᠢᠶᠠᠯ ᠢ ᠡᠵᠡᠮᠳᠡᠨ᠂ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠵᠤ᠂ ᠬᠥᠭᠵᠢᠯᠲᠡ ᠶᠢᠨ ᠰᠡᠳᠬᠢᠴᠡ᠂ ᠬᠥᠭᠵᠢᠯᠲᠡ ᠶᠢᠨ ᠴᠢᠭᠯᠡᠯ ᠢᠶᠠᠨ | ᠲᠤᠳᠤᠷᠬᠠᠶᠢᠯᠠᠨ᠂ ᠠᠷᠭ᠎ᠠ ᠪᠠᠷᠢᠯ ᠢᠶᠠᠨ ᠰᠢᠨᠡᠴᠢᠯᠡᠵᠦ᠂ ᠲᠥᠷᠥᠯ ᠵᠦᠢᠯ ᠢ ᠲᠦᠯᠦᠪᠵᠢᠬᠦᠯᠦᠨ᠂ ᠣᠷᠣᠨ | ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠣᠳᠠᠲᠠᠢ ᠳᠤ ᠨᠠᠶᠢᠳᠠᠪᠤᠷᠢᠵᠢᠨ ᠦᠷ᠎ᠡ ᠪᠦᠲᠦᠮᠵᠢ | ᠣᠯᠬᠤ ᠶᠢ ᠦᠨᠡᠨ ᠬᠦ ᠪᠠᠲᠤᠯᠠᠵᠤ᠂ ᠲᠠᠶᠢᠹᠤᠰᠧ ᠬᠤᠰᠢᠭᠤᠨ ᠤ ᠠᠵᠤ ᠠᠬᠤᠢ ᠶᠢᠨ ᠪᠠᠶᠢᠭᠤᠯᠤᠯᠲᠠ ᠶᠢᠨ ᠳᠠᠬᠢᠨ | ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠵᠦ ᠵᠢᠭᠠᠨ ᠭᠠᠷᠭᠠᠪᠠ᠃ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠶᠠᠷᠢᠯᠴᠠᠬᠤ | ᠬᠤᠷᠠᠯ ᠳᠤ ᠤᠷᠤᠯᠴᠠᠵᠠᠢ᠃ ᠬᠤᠷᠠᠯ ᠤᠨ ᠲᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠯ᠎ᠠ | ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠠᠩ ᠾᠧ ᠰᠢᠨᠵᠢᠯᠡᠭᠡ ᠮᠡᠷᠭᠡᠵᠢᠯ ᠤᠨ | ᠬᠢᠵᠠᠭᠠᠷᠲᠤ ᠺᠣᠮᠫᠠᠨᠢ᠂ ᠬᠠᠭᠠᠨ ᠤ ᠠᠳᠤᠭᠤᠨ ᠵᠤᠰᠠᠭᠠᠯ ᠦᠵᠡᠮᠵᠢ ᠶᠢᠨ ᠣᠷᠣᠨ ᠳᠤ ᠬᠦᠨᠵᠡᠬᠡᠶᠢᠷᠡᠵᠦ᠂ ᠲᠤᠬᠠᠢ ᠶᠢᠨ | ᠭᠠᠵᠠᠷ ᠤᠨ ᠪᠠᠶᠢᠴᠠᠭᠠᠨ ᠰᠤᠳᠤᠯᠤᠯᠲᠠ ᠭᠢᠭᠰᠡᠨ ᠪᠠᠶᠢᠨ᠎ᠠ᠃ |