7 ᠰᠠᠷ᠎ᠠ ᠶᠢᠨ 31 ᠤ ᠡᠳᠦᠷ ᠠᠴᠠ 8 ᠰᠠᠷ᠎ᠠ ᠶᠢᠨ 2 ᠤᠨ ᠡᠳᠦᠷ ᠪᠣᠯᠲᠠᠯ᠎ᠠ᠂ ᠠᠶᠢᠮᠠᠭ ᠤᠨ ᠡᠪᠯᠡᠯ ᠤᠨ ᠬᠤᠷᠢᠶ᠎ᠠ | ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠵᠥᠪᠯᠡᠯ ᠠᠴᠠ ᠬᠠᠮᠲᠤᠷᠠᠨ | ᠡᠷᠭᠢᠯᠡᠭᠰᠡᠨ ᠰᠢᠯᠢ ᠶᠢᠨ ᠭᠤᠣᠯ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠪᠠᠭᠠᠴᠤᠳ ᠤᠨ ᠬᠤᠰᠢᠭᠤᠴᠢ | ᠠᠩᠭᠢ ᠶᠢᠨ ᠬᠠᠪᠰᠤᠷᠤᠨ ᠵᠢᠯᠣᠭᠤᠳᠤᠭᠴᠢ ᠨᠠᠷ ᠤᠨ ᠤᠷ᠎ᠠ ᠮᠡᠷᠭᠡᠵᠢᠯ ᠤᠨ ᠤᠷᠤᠯᠳᠤᠭᠠᠨ ᠠᠮᠵᠢᠯᠳᠠ ᠲᠠᠢ | ᠶᠠᠪᠤᠭᠳᠠᠵᠤ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠤᠨ ᠰᠤᠩᠭᠤᠵᠤ ᠲᠤᠮᠢᠯᠠᠭᠰᠠᠨ 36 ᠨᠡᠷᠡᠰ | ᠰᠢᠯᠢᠳᠡᠭ ᠬᠠᠪᠰᠤᠷᠤᠨ ᠵᠢᠯᠣᠭᠤᠳᠤᠭᠴᠢ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ | ᠪᠠᠭᠠᠴᠤᠳ ᠤᠨ ᠬᠤᠰᠢᠭᠤᠴᠢ ᠠᠩᠭᠢ ᠶᠢᠨ ᠣᠨᠣᠯ ᠤᠨ ᠰᠢᠯᠭᠠᠯᠲᠠ ᠪᠠ ᠨᠠᠮ ᠤᠨ ᠲᠡᠦᠬᠡ ᠶᠢᠨ ᠤᠬᠠᠭᠤᠯᠭ᠎ᠠ | ᠲᠠᠶᠢᠯᠤᠮᠵᠢ ᠬᠢᠬᠦ ᠵᠡᠷᠭᠡ ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠭᠠᠳ᠂ ᠲᠠᠶᠢᠹᠦᠰᠧ ᠬᠤᠰᠢᠭᠤᠨ ᠤ | ᠬᠠᠪᠰᠤᠷᠤᠨ ᠵᠢᠯᠣᠭᠤᠳᠤᠭᠴᠢ ᠶᠢᠨ ᠡᠩᠨᠡᠭᠡ ᠨᠢ ᠰᠢᠯᠢᠳᠡᠭ ᠬᠢᠷᠢ ᠪᠦᠲᠦᠮᠵᠢ ᠤᠯᠵᠠᠢ᠃ ᠲᠤᠬᠠᠶᠢᠯᠠᠪᠠᠯ᠂ | ᠲᠠᠪᠤᠳᠤᠭᠠᠷ ᠪᠠᠭ᠎ᠠ ᠰᠤᠷᠭᠠᠭᠤᠯᠢ ᠶᠢᠨ ᠶᠡᠭᠡ ᠠᠩᠭᠢ ᠶᠢᠨ ᠬᠠᠪᠰᠤᠷᠤᠨ ᠵᠢᠯᠣᠭᠤᠳᠤᠭᠴᠢ ᠭᠤᠤ ᠵᠠᠨ ᠬᠤᠩ | ᠭᠤᠷᠪᠠᠳᠤᠭᠠᠷ ᠳᠡᠰ ᠤᠨ ᠵᠢᠱᠢᠶᠡᠴᠢ ᠶᠢᠨ ᠱᠠᠩᠨᠠᠯ ᠢ ᠲᠤᠰᠴᠤ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠳᠤᠮᠳᠠ | ᠠᠩᠭᠢ ᠶᠢᠨ ᠬᠠᠪᠰᠤᠷᠤᠨ ᠵᠢᠯᠣᠭᠤᠳᠤᠭᠴᠢ ᠷᠧᠨ ᠶᠠ ᠵᠢᠩ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠳᠤᠮᠳᠠ | ᠠᠩᠭᠢ ᠶᠢᠨ ᠬᠠᠪᠰᠤᠷᠤᠨ ᠵᠢᠯᠣᠭᠤᠳᠤᠭᠴᠢ ᠶᠣᠣ ᠶᠣᠣ ᠨᠢᠭᠡᠳᠦᠭᠡᠷ ᠳᠡᠰ ᠤᠨ ᠴᠢᠳᠠᠪᠤᠷᠢᠲᠠᠨ ᠤ ᠱᠠᠩᠨᠠᠯ ᠢ ᠭᠠᠷᠳᠠᠨ᠂ | ᠬᠤᠶᠠᠳᠤᠭᠠᠷ ᠪᠠᠭ᠎ᠠ ᠰᠤᠷᠭᠠᠭᠤᠯᠢ ᠶᠢᠨ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠰᠦ ᠰᠢᠶᠣᠣ ᠯᠧ | ᠭᠤᠷᠪᠠᠳᠤᠭᠠᠷ ᠳᠡᠰ ᠤᠨ ᠴᠢᠳᠠᠪᠤᠷᠢᠲᠠᠨ ᠤ ᠱᠠᠩᠨᠠᠯ ᠢ ᠬᠦᠷᠲᠡᠵᠦ᠂ ᠲᠠᠶᠢᠹᠦᠰᠧ ᠬᠤᠰᠢᠭᠤᠨ ᠤ ᠪᠠᠭᠠᠴᠤᠳ ᠤᠨ | ᠬᠤᠰᠢᠭᠤᠴᠢ ᠠᠩᠬᠢ ᠶᠢᠨ ᠠᠵᠢᠯ ᠤᠨ ᠵᠥᠪᠯᠡᠯ ᠨᠢ ᠰᠢᠯᠢᠳᠡᠭ ᠬᠠᠮᠳᠤ ᠶᠢᠨ ᠱᠠᠩᠨᠠᠯ ᠢ ᠬᠦᠷᠳᠡᠪᠡ᠃ ᠡᠨᠡ | ᠤᠳᠠᠭᠠᠨ ᠤ ᠤᠷᠤᠯᠳᠤᠭᠠᠨ ᠨᠢ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ | ᠵᠢᠯᠣᠭᠤᠳᠤᠭᠴᠢ ᠨᠡᠷ ᠢ ᠬᠠᠪᠰᠤᠷᠤᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠤᠯᠤᠰ | ᠲᠦᠷᠦ ᠶᠢᠨ ᠰᠡᠬᠡᠭᠡᠷᠡᠭᠦᠯᠦᠯ ᠤᠯᠭᠤᠬᠤ ᠪᠠ ᠦᠷᠳᠡᠭ ᠤᠨ ᠦᠵᠡᠯᠲᠡ ᠶᠢ ᠪᠤᠢ ᠪᠤᠯᠭᠠᠬᠤ ᠪᠠ ᠨᠠᠮ ᠤᠨ ᠪᠠᠭᠠᠴᠤᠳ | ᠬᠡᠦᠬᠡᠳ ᠤᠨ ᠠᠵᠢᠯ ᠢ ᠰᠠᠶᠢᠨ ᠬᠢᠬᠦ ᠬᠢᠷᠢ ᠴᠢᠳᠠᠪᠤᠷᠢ ᠪᠠ ᠬᠡᠪ ᠴᠢᠨᠠᠷ ᠢ ᠨᠢ ᠲᠡᠭᠡᠭᠰᠢᠯᠡᠬᠦᠯᠦᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠲᠠᠶᠢᠹᠦᠰᠧ ᠬᠤᠰᠢᠭᠤᠨ ᠤ ᠡᠪᠯᠡᠯ ᠤᠨ ᠬᠤᠷᠢᠶ᠎ᠠ ᠨᠢ ᠰᠢᠨ᠎ᠡ ᠴᠠᠭ ᠦᠶ᠎ᠡ ᠶᠢᠨ | ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ | ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ | ᠴᠢᠩᠭᠠᠳᠬᠠᠨ᠂ ᠲᠠᠶᠢᠹᠦᠰᠧ ᠬᠤᠰᠢᠭᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠰ ᠤᠨ ᠰᠢᠨ᠎ᠡ | ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃ |