8 ᠰᠠᠷ᠎ᠠ ᠶᠢᠨ 5 ᠤ ᠡᠳᠦᠷ᠂ ᠲᠠᠶᠢᠹᠤᠰᠧ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠪᠠ ᠰᠢᠯᠢᠩᠬᠤᠲᠠ ᠶᠢᠨ ᠴᠧᠨ ᠳ᠋ᠡ ᠬᠥᠮᠥᠨ ᠤ ᠡᠬᠢ ᠪᠠᠶᠠᠯᠢᠭ ᠤᠨ | ᠦᠢᠯᠡᠴᠢᠯᠡᠭᠡᠨ ᠤ ᠬᠢᠵᠠᠭᠠᠷᠲᠤ ᠺᠣᠮᠫᠠᠨᠢ ᠠᠴᠠ ᠲᠠᠭᠠᠭᠠᠴᠢᠯᠠᠨ ᠡᠷᠭᠢᠯᠡᠭᠰᠡᠨ ᠲᠠᠶᠢᠹᠤᠰᠧ ᠬᠤᠰᠢᠭᠤᠨ ᠤ 2022 | ᠣᠨ ᠤ ᠪᠡᠭᠡᠵᠢᠩ ᠦᠪᠦᠷ ᠮᠣᠩᠭᠤᠯ ᠤᠨ ᠬᠥᠳᠡᠯᠮᠦᠷᠢ ᠶᠢᠨ ᠶᠠᠪᠤᠳᠠᠯ ᠤᠨ ᠬᠠᠮᠵᠢᠯᠴᠠᠭᠠᠨ ᠤ ᠠᠵᠢᠯᠴᠢᠨ ᠡᠯᠰᠡᠬᠦ | ᠬᠤᠷᠠᠯ ᠵᠢᠴᠢ ᠠᠵᠢᠯ ᠣᠯᠭᠤᠯᠲᠠ ᠳᠤ ᠲᠤᠰᠠᠯᠠᠬᠤ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾ ᠵᠢᠩᠬᠢᠨᠢ ᠪᠠᠷ | ᠡᠬᠢᠯᠡᠪᠡ᠃ ᠳᠡᠳ᠋ ᠬᠤᠰᠢᠭᠤ ᠳᠠᠷᠤᠭ᠎ᠠ ᠣᠶᠤᠨᠴᠡᠴᠡᠭ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ | ᠡᠨᠡ ᠤᠳᠠᠭᠠᠨ ᠤ ᠠᠵᠢᠯᠴᠢᠨ ᠡᠯᠰᠡᠬᠦ ᠴᠤᠭᠯᠠᠭᠠᠨ ᠨᠢ ᠮᠠᠰᠢ ᠣᠯᠠᠨ ᠠᠵᠢᠯ ᠡᠷᠢᠬᠦ ᠰᠠᠨᠠᠭ᠎ᠠ ᠲᠠᠢ ᠬᠥᠮᠥᠰ ᠤᠨ | ᠠᠩᠬᠠᠷᠤᠯ ᠳᠤ ᠤᠷᠤᠵᠤ᠂ ᠲᠠᠳᠠ ᠠᠵᠤ ᠠᠬᠤᠶᠢᠯᠠᠯ ᠤᠨ ᠠᠵᠢᠯᠴᠢᠨ ᠡᠯᠰᠡᠬᠦ ᠮᠡᠳᠡᠭᠡ ᠵᠠᠩᠭᠢ ᠶᠢ ᠨᠠᠷᠢᠨ ᠬᠢᠨᠠᠮᠠᠭᠠᠢ | ᠣᠶᠢᠯᠠᠭᠠᠨ᠂ ᠥᠪᠡᠷ ᠤᠨ ᠪᠡᠶ᠎ᠡ ᠳᠡᠭᠡᠨ ᠲᠣᠬᠢᠷᠠᠬᠤ ᠠᠵᠢᠯ ᠤᠨ ᠪᠠᠶᠢᠷᠢ ᠡᠷᠢᠵᠦ᠂ ᠠᠰᠠᠷᠠᠮᠵᠢ ᠬᠠᠷᠠᠭᠠᠯᠵᠠᠯ ᠵᠡᠷᠭᠡ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠲᠠᠨ | ᠶᠠᠷᠢᠯᠴᠠᠵᠤ ᠪᠠᠶᠢᠯ᠎ᠠ᠃ ᠬᠤᠷᠠᠯ ᠤᠨ ᠠᠬᠤᠢ ᠲᠠᠯᠠᠪᠠᠢ ᠳᠤ ᠠᠰᠠᠭᠤᠵᠤ ᠯᠠᠪᠯᠠᠬᠤ ᠲᠣᠭᠤᠷᠢᠭ᠂ ᠦᠢᠯᠡᠰ ᠪᠦᠳᠦᠭᠡᠬᠦ | ᠬᠦᠷᠢᠶᠡᠯᠡᠩ ᠤᠨ ᠦᠷ᠎ᠡ ᠪᠦᠲᠦᠭᠡᠯ ᠢ ᠬᠠᠷᠠᠭᠤᠯᠬᠤ ᠲᠣᠭᠤᠷᠢᠭ᠂ ᠵᠦᠪᠳᠡᠯᠴᠡᠬᠦ ᠲᠣᠭᠤᠷᠢᠭ᠂ ᠬᠡᠯᠡᠯᠴᠡᠭᠡᠷ | ᠲᠣᠭᠲᠠᠬᠤ ᠲᠣᠭᠤᠷᠢᠭ ᠵᠡᠷᠭᠡ ᠶᠢ ᠲᠤᠬᠢᠷᠠᠭᠤᠯᠵᠤ᠂ ᠠᠵᠢᠯ ᠡᠷᠢᠬᠦ ᠳᠠᠩᠰᠠᠯᠠᠯᠲᠠ᠂ ᠠᠵᠢᠯ ᠮᠡᠷᠭᠡᠵᠢᠯ ᠤᠨ | ᠵᠢᠯᠣᠭᠤᠳᠤᠯᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠪᠠᠲᠤᠯᠠᠭᠠᠲᠤ ᠵᠢᠭᠡᠯᠡᠯᠭᠡ ᠵᠡᠷᠭᠡ ᠲᠠᠯ᠎ᠠ ᠶᠢᠨ ᠦᠢᠯᠡᠴᠢᠯᠡᠭᠡ | ᠶᠢ ᠬᠠᠩᠭᠠᠨ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠨᠢᠭᠤᠷᠲᠠᠨ ᠵᠥᠪᠳᠡᠯᠴᠡᠬᠦ ᠲᠠᠪᠴᠠᠩ ᠢ ᠪᠠᠶᠢᠭᠤᠯᠤᠨ | ᠦᠭᠴᠡᠢ᠃ ᠡᠨᠡ ᠤᠳᠠᠭᠠᠨ ᠤ ᠬᠤᠷᠠᠯ ᠳᠤ 20 ᠡᠷᠦᠬᠡ ᠲᠤᠬᠠᠢ ᠶᠢᠨ ᠭᠠᠵᠠᠷ ᠤᠨ ᠠᠵᠤ ᠠᠬᠤᠶᠢᠯᠠᠯ ᠪᠠ 78 | ᠡᠷᠦᠬᠡ ᠪᠡᠭᠡᠵᠢᠩ ᠤᠨ ᠠᠵᠤ ᠠᠬᠤᠶᠢᠯᠠᠯ ᠤᠷᠤᠯᠴᠠᠨ᠂ ᠨᠡᠶᠢᠳᠡ 1546 ᠠᠵᠢᠯ ᠤᠨ ᠪᠠᠶᠢᠷᠢ ᠬᠠᠩᠭᠠᠵᠤ᠂ | ᠬᠠᠩᠭᠠᠭᠰᠠᠨ ᠠᠵᠢᠯ ᠤᠨ ᠪᠠᠶᠢᠷᠢ ᠨᠢ ᠮᠥᠩᠭᠦᠨ ᠭᠦᠢᠯᠭᠡᠭᠡ᠂ ᠪᠣᠯᠪᠠᠰᠤᠷᠠᠯ ᠬᠥᠮᠦᠵᠢᠯ᠂ ᠡᠯᠧᠺᠲᠷᠣᠨ ᠮᠡᠳᠡᠭᠡ | ᠵᠠᠩᠭᠢ᠂ ᠢᠳᠡᠭᠡᠨ ᠤᠮᠳᠠᠭᠠᠨ ᠂ ᠰᠢᠨ᠎ᠡ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ | ᠲᠠᠷᠢᠶᠠᠯᠠᠩ ᠮᠠᠯ ᠠᠵᠤ ᠠᠬᠤᠢ᠂ ᠵᠠᠮ ᠬᠠᠷᠢᠯᠴᠠᠭ᠎ᠠ᠂ ᠰᠣᠶᠣᠯ ᠵᠠᠭᠤᠴᠢᠯᠠᠭᠤᠷ ᠵᠡᠷᠭᠡ ᠣᠯᠠᠨ ᠬᠦᠷᠢᠶ᠎ᠡ ᠴᠠᠷᠠᠭ᠎ᠠ ᠶᠢ | ᠬᠠᠮᠤᠷᠤᠭᠠᠳ᠂ 37 ᠬᠥᠮᠥᠨ ᠠᠩᠬ᠎ᠠ ᠠᠯᠬᠤᠮ ᠤᠨ ᠠᠵᠢᠯ ᠣᠯᠬᠤ ᠵᠦᠪᠳᠡᠯᠴᠡᠭᠡᠷ ᠲᠤᠭᠳᠠᠪᠠ᠃ ᠠᠬᠤᠢ | ᠲᠠᠯᠠᠪᠠᠢ ᠳᠤ ᠪᠠᠰᠠ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠤ ᠶᠢ 5000 ᠭᠠᠷᠤᠢ ᠬᠤᠪᠢ ᠲᠠᠷᠬᠠᠭᠠᠭᠰᠠᠨ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠨᠢ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ | ᠵᠠᠰᠠᠭ ᠤᠨ ᠤᠷᠳᠤᠨ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠴᠢᠨ ᠡᠯᠰᠡᠬᠦ ᠠᠷᠭ᠎ᠠ ᠵᠠᠮ ᠢ ᠦᠷᠭᠦᠯᠵᠢᠯᠡᠨ ᠰᠠᠭᠠᠳ | ᠦᠭᠡᠢ ᠨᠠᠪᠲᠠᠷᠡᠭᠦᠯᠵᠦ᠂ ᠣᠯᠠᠨ ᠠᠷᠭ᠎ᠠ ᠵᠠᠮ ᠢᠶᠠᠷ ᠠᠵᠤ ᠠᠬᠤᠶᠢᠯᠠᠯ ᠳᠤ ᠠᠵᠢᠯᠴᠢᠨ ᠬᠡᠷᠡᠭᠯᠡᠬᠦ ᠦᠢᠯᠡᠴᠢᠯᠡᠭᠡ | ᠬᠠᠩᠭᠠᠨ᠂ ᠲᠡᠬᠦᠰᠦᠭᠰᠡᠨ ᠤᠶᠤᠳᠠᠨ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠬᠤ ᠠᠷᠭ᠎ᠠ ᠵᠠᠮ ᠢ ᠪᠥᠬᠦ | ᠲᠠᠯ᠎ᠠ ᠪᠠᠷ ᠦᠷᠭᠡᠳᠭᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠴᠢᠨᠠᠷ ᠰᠠᠶᠢᠲᠠᠢ ᠪᠥᠭᠡᠳ ᠥᠨᠳᠥᠷ | ᠪᠦᠲᠦᠮᠵᠢᠲᠡᠶ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠨ ᠬᠢᠬᠦ ᠪᠠᠷ ᠪᠠᠶᠢᠨ᠎ᠠ᠃ |