8 ᠰᠠᠷ᠎ᠠ ᠶᠢᠨ 5 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠯᠢ ᠱᠣᠣ ᠯᠢᠨ ᠤᠷᠢᠳ ᠬᠤᠵᠢᠳ ᠹᠧᠩ ᠲᠠᠢ ᠠᠭᠤᠷᠬᠠᠢ ᠶᠢᠨ | ᠦᠢᠯᠡᠰ᠂ ᠴᠠᠩ ᠰᠢᠨ ᠬᠢᠮᠢ ᠶᠢᠨ ᠠᠵᠤ ᠦᠢᠯᠡᠳᠪᠦᠷᠢ ᠂ ᠪᠤᠤᠴᠠᠩ ᠤᠨ ᠬᠡᠢ ᠨᠡᠮᠡᠬᠦ ᠦᠷᠳᠡᠭᠡ ᠳᠤ | ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠤᠷᠠᠯ ᠬᠢᠵᠦ ᠶᠠᠷᠢᠯᠴᠠᠬᠤ ᠬᠡᠯᠪᠡᠷᠢ ᠪᠠᠷ | ᠠᠶᠤᠯᠭᠦᠢ ᠦᠢᠯᠡᠳᠪᠦᠷᠢᠯᠡᠯ ᠤᠨ ᠲᠤᠤᠷᠴᠢᠯᠠᠭᠰᠠᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ᠂ ᠠᠶᠤᠯᠬᠦᠢ ᠦᠢᠯᠡᠳᠪᠦᠷᠢᠯᠡᠯ ᠤᠨ ᠬᠡᠮ ᠰᠣᠭᠤᠭ ᠤᠨ ᠪᠠᠶᠢᠴᠠᠭᠠᠨ ᠴᠡᠭᠴᠡᠯᠡᠯᠳᠡ | ᠵᠡᠷᠭᠡ ᠪᠠᠶᠢᠳᠠᠯ ᠢ ᠤᠶᠢᠯᠠᠭᠠᠨ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ | ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ ᠯᠢ ᠱᠤᠤ ᠯᠢᠨ ᠵᠢᠭᠠᠵᠤ ᠭᠠᠷᠭᠠᠬᠤ ᠳᠠᠭᠠᠨ ᠂ ᠡᠯ᠎ᠡ ᠠᠵᠤ ᠠᠬᠤᠶᠢᠯᠠᠯ | ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ | ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠨ᠂ ᠠᠮᠤᠷ ᠲᠦᠪᠰᠢᠨ ᠬᠦᠭᠵᠢᠯᠳᠡ ᠶᠢᠨ ᠣᠶᠢᠯᠠᠭᠠᠭᠳᠠᠬᠤᠨ ᠢ ᠪᠠᠲᠤ | ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠨ᠂ ᠠᠶᠤᠯᠭᠦᠢ | ᠦᠢᠯᠡᠳᠪᠦᠷᠢᠯᠡᠯ ᠤᠨ ᠠᠭᠤᠷ ᠠᠮᠢᠰᠬᠤᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠬᠠᠤᠯᠢ ᠲᠦᠷᠢᠮ ᠢ ᠡᠷᠡᠰ ᠵᠢᠷᠤᠮᠯᠠᠨ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ | ᠬᠠᠤᠯᠢ ᠶᠣᠰᠣᠭᠠᠷ ᠶᠠᠪᠤᠭᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠦᠨᠡᠨᠬᠦ | ᠨᠠᠷᠢᠯᠢᠭ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠴᠢᠩᠭᠠᠳᠬᠠᠨ᠂ ᠬᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ | ᠡᠳᠦᠷ ᠲᠤᠲᠤᠮ ᠤᠨ ᠪᠠᠶᠢᠴᠠᠭᠠᠯᠲᠠ ᠢ ᠡᠷᠴᠢᠮ ᠢ ᠴᠢᠩᠭᠠᠷᠠᠭᠤᠯᠤᠨ᠂ ᠢᠯᠡᠷᠡᠭᠰᠡᠨ ᠠᠰᠠᠭᠤᠳᠠᠯ ᠢ ᠡᠷᠬᠡᠪᠰᠢ ᠦᠨᠡᠨ | ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠤᠰᠤᠯ ᠠᠳᠡᠯ ᠦᠯᠦ ᠭᠠᠷᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃ | |