ᠵᠤᠤ ᠹᠸᠢ ᠫᠧᠩ  ᠭᠤᠣᠯᠳᠠᠯᠭ᠎ᠠ ᠲᠠᠢ ᠠᠵᠢᠯ  ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2022/8/8
   8 ᠰᠠᠷ᠎ᠠ ᠶᠢᠨ 7 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠦᠨᠪᠤᠯᠠᠭ ᠰᠤᠮᠤ᠂  ᠪᠤᠤᠴᠠᠩ ᠪᠠᠯᠭᠠᠰᠤ᠂ ᠴᠢᠶᠠᠨ ᠶᠢᠨ ᠭᠧᠦ ᠪᠠᠯᠭᠠᠰᠤ᠂ ᠶᠦᠩ ᠹᠧᠩ ᠪᠠᠯᠭᠠᠰᠤ᠂ ᠰᠢᠩ ᠹᠦ᠋ ᠰᠢᠶᠠᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠣᠷᠯᠣᠩ ᠤᠨ ᠦᠬᠡᠷᠡᠴᠢᠯᠡᠯᠳᠡ᠂  ᠦᠶᠡᠷ ᠢ  ᠰᠡᠷᠭᠡᠶᠢᠯᠡᠬᠦ  ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠬᠠᠢ ᠯᠢ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ ᠵᠣᠣ ᠹᠧᠢ ᠫᠧᠩ  ᠂ ᠬᠢᠵᠢᠭ ᠰᠡᠷᠭᠡᠶᠢᠯᠡᠬᠦ ᠠᠵᠢᠯ ᠢ ᠭᠤᠣᠯᠳᠠᠯᠭ᠎ᠠ   ᠶᠢᠨ ᠳᠣᠲᠣᠷᠠᠬᠢ ᠭᠤᠣᠯᠳᠠᠯᠭ᠎ᠠ ᠪᠣᠯᠭᠠᠨ ᠴᠢᠩᠭ᠎ᠠ ᠠᠳᠬᠤᠵᠤ᠂ ᠰᠡᠷᠭᠡᠶᠢᠯᠡᠨ ᠡᠵᠡᠮᠳᠡᠬᠦ ᠰᠠᠭᠤᠷᠢ   ᠶᠢ ᠡᠷᠭᠡᠪᠰᠢ ᠪᠠᠳᠤ ᠴᠤᠭᠴᠠᠯᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠨᠢ  ᠲᠣᠰ ᠭᠠᠵᠠᠷ ᠣᠷᠣᠨ ᠤ ᠪᠠᠨ ᠦᠶᠡᠷ ᠤᠨ ᠪᠠᠶᠢᠳᠠᠯ ᠢ  ᠴᠠᠭ ᠢᠮᠠᠭᠲᠠ ᠠᠩᠬᠠᠷᠴᠤ᠂ 24 ᠴᠠᠭ ᠢᠶᠠᠷ ᠵᠢᠵᠢᠭᠦᠷᠯᠡᠨ ᠰᠠᠬᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠭᠡᠪᠰᠢ ᠪᠠᠲᠤᠯᠠᠬᠤ ᠬᠡᠷᠡᠭᠲᠡᠢ᠃  ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠦᠷᠦᠯ  ᠵᠦᠢᠯ ᠤᠨ ᠠᠬᠢᠴᠠ ᠶᠢ  ᠲᠦᠷᠭᠡᠳᠭᠡᠵᠦ᠂  ᠶᠠᠰᠤ ᠴᠢᠨᠠᠷ ᠢ ᠪᠠᠲᠤᠯᠠᠬᠤ ᠪᠠᠷ ᠪᠠᠷᠠᠬᠤ ᠦᠬᠡᠢ ᠲᠣᠭᠲᠠᠭᠰᠠᠨ ᠬᠤᠭᠤᠴᠠᠭᠠᠨ ᠳᠠᠭᠠᠨ ᠠᠵᠢᠯ ᠲᠠᠭᠤᠰᠴᠤ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ ᠃ ᠣᠷᠣᠰᠢᠨ ᠰᠠᠭᠤᠬᠤ ᠳᠤ ᠲᠣᠬᠢᠷᠠᠮᠵᠢᠲᠠᠢ  ᠦᠵᠡᠰᠬᠦᠯᠡᠩᠲᠦ ᠰᠠᠶᠢᠬᠠᠨ  ᠬᠦᠳᠡᠭᠡ ᠲᠣᠰᠬᠤᠨ ᠢ  ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂  ᠬᠦᠳᠡᠭᠡ   ᠶᠢᠨ ᠦᠩᠭᠡ ᠲᠦᠷᠬᠦ ᠶᠢ ᠰᠠᠶᠢᠵᠢᠷᠠᠭᠤᠯᠬᠤ ᠪᠠ  ᠬᠦᠳᠡᠭᠡ ᠶᠢᠨ ᠬᠡᠪ ᠰᠤᠷᠲᠠᠯ   ᠢ ᠰᠢᠯᠢᠳᠡᠭᠵᠢᠬᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ  ᠪᠤᠯᠭᠠᠨ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ  ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠠᠮᠢᠶ᠎ᠠ ᠪᠦᠬᠦᠢ ᠰᠤᠮᠤ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号