ᠴᠠᠩ ᠫᠢᠩ ᠲᠣᠭᠤᠷᠢᠭ ᠤᠨ ᠰᠢᠶᠣᠣ ᠲᠠᠩ ᠱᠠᠨ ᠪᠠᠯᠭᠠᠰᠤ ᠪᠣᠯᠣᠨ ᠲᠠᠶᠢᠹᠤᠰᠧ ᠬᠤᠰᠢᠭᠤᠨ ᠤ ᠶᠦᠩ ᠹᠧᠩ ᠪᠠᠯᠭᠠᠰᠤ ᠬᠠᠪᠰᠤᠷᠤᠨ ᠲᠡᠳᠬᠦᠬᠦ ᠠᠵᠢᠯ  ᠢᠶᠠᠨ ᠵᠤᠯᠭᠠᠭᠤᠯᠤᠭᠰᠠᠨ
ᠨᠡᠶᠢᠲᠡᠯᠡᠭᠰᠡᠨ ᠴᠠᠭ᠄
2022/8/8
   8 ᠰᠠᠷ᠎ᠠ ᠶᠢᠨ 4 ᠤ ᠡᠳᠦᠷ᠂ ᠪᠡᠭᠡᠵᠢᠩ ᠬᠤᠲᠠ ᠶᠢᠨ ᠴᠠᠩ ᠫᠢᠩ ᠲᠣᠭᠤᠷᠢᠭ ᠤᠨ ᠰᠢᠶᠣᠣ ᠲᠠᠩ ᠱᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠮᠢᠶᠣᠣ ᠭᠤᠸᠠᠩ ᠱᠧᠩ ᠵᠡᠷᠭᠡ ᠬᠦᠮᠦᠰ ᠲᠠᠶᠢᠹᠤᠰᠧ ᠬᠤᠰᠢᠭᠤᠨ ᠤ ᠶᠦᠩ ᠹᠧᠩ ᠪᠠᠯᠭᠠᠰᠤᠨ ᠳᠤ ᠬᠦᠨᠵᠡᠬᠡᠶᠢᠷᠡᠵᠦ᠂ ᠬᠠᠪᠰᠤᠷᠤᠨ ᠲᠡᠳᠬᠦᠬᠦ ᠠᠵᠢᠯ ᠢᠶᠠᠨ ᠤᠯᠠᠮ ᠨᠢᠭᠡ ᠠᠯᠬᠤᠮ ᠵᠤᠯᠭᠠᠭᠤᠯᠤᠭᠰᠠᠨ ᠪᠠᠶᠢᠨ᠎ᠠ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠬᠤᠶᠠᠷ ᠪᠠᠯᠭᠠᠰᠤᠨ ᠤ ᠬᠢᠨ  ᠠᠵᠢᠯ ᠢᠶᠠᠨ ᠭᠦᠨᠵᠡᠭᠡᠶᠢᠷᠡᠭᠦᠯᠬᠦ᠂ ᠬᠠᠮᠲᠤᠷᠠᠯᠴᠠᠭ᠎ᠠ ᠪᠠᠨ ᠴᠢᠩᠭᠠᠳᠬᠠᠬᠤ ᠲᠤᠬᠠᠢ ᠰᠠᠨᠠᠯ ᠢᠶᠠᠨ ᠰᠣᠯᠢᠯᠴᠠᠵᠤ  ᠶᠠᠷᠢᠯᠴᠠᠨ ᠵᠦᠪᠳᠡᠯᠴᠡᠪᠡ᠃ ᠶᠠᠷᠢᠯᠴᠠᠬᠤ ᠬᠤᠷᠠᠯ ᠳᠡᠭᠡᠷ᠎ᠡ᠂ ᠶᠦᠩ ᠹᠧᠩ ᠪᠠᠯᠭᠠᠰᠤᠨ ᠤ ᠬᠠᠷᠢᠭᠤᠴᠠᠯᠭᠠᠲᠠᠨ ᠢᠯᠡᠷᠭᠡᠶᠢᠯᠡᠬᠦ ᠳᠡᠭᠡᠨ᠂  ᠬᠠᠪᠰᠤᠷᠤᠨ ᠲᠡᠳᠬᠦᠬᠦ ᠠᠵᠢᠯ ᠢ  ᠦᠷᠨᠢᠬᠦᠯᠦᠭᠰᠡᠨ ᠠᠴᠠ ᠨᠠᠰᠢ᠂ ᠰᠢᠶᠣᠣ ᠲᠠᠩ ᠱᠠᠨ  ᠪᠠᠯᠭᠠᠰᠤᠨ ᠤ ᠬᠢᠨ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ  ᠪᠠᠶᠢᠭᠤᠯᠤᠯᠲᠠ ᠵᠡᠷᠭᠡ ᠤᠯᠠᠨ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠲᠠᠯᠠᠪᠠᠷ ᠶᠦᠩ ᠹᠧᠩ ᠪᠠᠯᠭᠠᠰᠤᠨ ᠳᠤ ᠬᠦᠴᠦᠲᠡᠢ ᠳᠡᠮᠵᠢᠯᠭᠡ ᠦᠵᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ  ᠵᠤᠯᠭᠠᠭᠤᠯᠬᠤ᠂ ᠨᠡᠶᠢᠭᠡᠮ ᠤᠨ ᠪᠠᠲᠤᠯᠠᠭ᠎ᠠ ᠪᠣᠯᠣᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ  ᠃  ᠬᠤᠶᠢᠰᠢᠳᠠ ᠰᠢᠶᠣᠣ ᠲᠠᠩ ᠱᠠᠨ ᠪᠠᠯᠭᠠᠰᠤ  ᠯᠤᠭ᠎ᠠ ᠴᠢᠳᠠᠪᠤᠷᠢᠲᠠᠨ ᠤ ᠰᠣᠯᠢᠯᠴᠠᠭ᠎ᠠ᠂ ᠠᠵᠤ ᠠᠬᠤᠶᠢᠯᠠᠯ ᠤᠨ ᠵᠣᠯᠭᠠᠯᠴᠠᠭ᠎ᠠ᠂  ᠡᠬᠢ ᠪᠠᠶᠠᠯᠢᠭ ᠤᠨ ᠬᠠᠮᠳᠤᠷᠠᠯᠴᠠᠭ᠎ᠠ ᠵᠡᠷᠭᠡ ᠤᠯᠠᠨ ᠲᠠᠯ᠎ᠠ ᠪᠠᠷ ᠰᠣᠯᠢᠯᠴᠠᠭ᠎ᠠ ᠬᠠᠮᠵᠢᠯᠴᠠᠭ᠎ᠠ ᠪᠠᠨ  ᠬᠦᠨᠵᠡᠬᠡᠶᠢᠷᠡᠬᠦᠯᠵᠦ᠂  ᠬᠠᠮᠳᠤ ᠶᠢᠨ ᠠᠰᠢᠭ ᠢ ᠪᠡᠶᠡᠯᠡᠭᠦᠯᠬᠦ ᠶᠢ ᠬᠦᠰᠡᠵᠦ ᠪᠠᠶᠢᠨ᠎ᠠ  ᠭᠡᠪᠡ᠃ ᠮᠢᠶᠣᠣ ᠭᠤᠸᠠᠩ ᠱᠧᠩ ᠢᠯᠡᠷᠬᠡᠶᠢᠯᠡᠬᠦ ᠳᠡᠭᠡᠨ᠂  ᠰᠢᠶᠣᠣ ᠲᠠᠩ ᠱᠠᠨ ᠪᠠᠯᠭᠠᠰᠤ ᠬᠢᠭᠡᠳ ᠶᠦᠩ ᠹᠧᠩ ᠪᠠᠯᠭᠠᠰᠤ ᠨᠢ  ᠪᠥᠬᠦ ᠰᠡᠳᠬᠢᠯ ᠢᠶᠠᠷ ᠬᠠᠮᠳᠤᠷᠠᠯᠴᠠᠭ᠎ᠠ ᠪᠠᠶᠢᠭᠤᠯᠵᠤ  ᠂ ᠬᠠᠪᠰᠤᠷᠤᠨ ᠲᠡᠳᠬᠦᠬᠦ ᠠᠵᠢᠯ ᠢ ᠢᠳᠡᠪᠬᠢᠳᠡᠢ ᠦᠷᠨᠢᠬᠦᠯᠦᠭᠡᠳ᠂ ᠮᠠᠰᠢ ᠣᠯᠠᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ᠂ ᠣᠯᠠᠨ ᠲᠦᠮᠡᠨ ᠳᠤ ᠮᠡᠳᠡᠷᠡᠭᠳᠡᠭᠰᠡᠨ ᠶᠤᠮ᠃ ᠳᠠᠷᠠᠭᠠᠴᠢ ᠶᠢᠨ ᠠᠯᠬᠤᠮ ᠳᠤ ᠰᠢᠶᠣᠣ ᠲᠠᠩ ᠱᠠᠨ ᠪᠠᠯᠭᠠᠰᠤ ᠶᠢᠨ ᠬᠢᠨ ᠬᠠᠪᠰᠤᠷᠤᠨ ᠲᠡᠳᠬᠦᠬᠦ ᠬᠦᠷᠢᠶ᠎ᠡ ᠴᠠᠷᠠᠭ᠎ᠠ ᠪᠠᠨ ᠴᠢᠨᠠᠭᠰᠢᠳᠠ ᠥᠷᠭᠡᠳᠬᠡᠵᠦ᠂ ᠬᠠᠮᠵᠢᠯᠴᠠᠭᠠᠨ ᠤ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠬᠠᠮᠵᠢᠯᠴᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠬᠤᠶᠠᠷ ᠭᠠᠵᠠᠷ ᠤᠨ ᠬᠠᠷᠢᠯᠴᠠᠭᠠᠨ ᠤ ᠨᠡᠩ ᠥᠷᠭᠡᠨ ᠬᠦᠷᠢᠶ᠎ᠡ᠂ ᠳᠡᠭᠡᠳᠦ ᠲᠡᠰ  ᠂ ᠪᠦᠬᠦ ᠲᠠᠯ᠎ᠠ ᠂ ᠤᠯᠠᠨ ᠵᠦᠢᠯ ᠲᠡᠰᠢ ᠬᠥᠭᠵᠢᠬᠦ ᠶᠢ ᠲᠠᠰᠤᠷᠠᠯᠳᠡ ᠦᠭᠡᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠪᠠ ᠬᠥᠳᠡᠯᠭᠡᠭᠦ ᠬᠦᠴᠦᠨ  ᠨᠡᠮᠡᠷᠢᠯᠡᠬᠦ ᠪᠠᠷ ᠴᠢᠷᠮᠠᠶᠢᠨ᠎ᠠ ᠬᠡᠵᠡᠢ᠃  ᠮᠢᠶᠣᠣ ᠭᠤᠸᠠᠩ ᠱᠧᠩ ᠵᠡᠷᠭᠡ ᠬᠦᠮᠦᠰ ᠪᠠᠰᠠ  ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠤ ᠲᠥᠮᠥᠰᠥ ᠤᠬᠢᠶᠠᠬᠤ ᠦᠢᠯᠡᠳᠪᠦᠷᠢ ᠶᠢᠨ ᠲᠠᠰᠤᠭ ᠪᠣᠯᠣᠨ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ  ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ  ᠲᠣᠭᠤᠷᠢᠨ ᠦᠵᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号