ᠲᠠᠶᠢᠹᠤᠰᠧ ᠬᠤᠰᠢᠭᠤ ᠰᠤᠷᠭᠠᠭᠤᠯᠢ ᠶᠢᠨ ᠬᠦᠷᠢᠶ᠎ᠡ ᠵᠢᠴᠢ ᠤᠶᠢᠷ᠎ᠠ ᠤᠷᠴᠢᠨ ᠤ ᠢᠳᠡᠭᠡᠨ ᠤ ᠠᠮᠤᠷ ᠲᠦᠪᠰᠢᠨ ᠢ ᠲᠤᠰᠬᠠᠢ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/9/1
    8 ᠰᠠᠷ᠎ᠠ ᠶᠢᠨ 31 ᠤ ᠡᠳᠦᠷ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ  ᠤᠶᠢᠷ᠎ᠠ ᠤᠷᠴᠢᠨ ᠤ ᠢᠳᠡᠭᠡᠨ ᠤ ᠠᠮᠤᠷ ᠲᠦᠪᠰᠢᠨ ᠳᠤ ᠲᠤᠰᠬᠠᠢ ᠪᠠᠶᠢᠴᠠᠭᠠᠯᠲᠠ ᠬᠢᠵᠡᠢ᠃  ᠡᠨᠡ ᠤᠳᠠᠭᠠᠨ ᠤ ᠲᠤᠰᠬᠠᠢ ᠪᠠᠶᠢᠴᠠᠭᠠᠯᠲᠠ ᠨᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ  ᠰᠤᠷᠭᠠᠭᠤᠯᠢ ᠶᠢᠨ  ᠤᠶᠢᠷ᠎ᠠ ᠤᠷᠴᠢᠨ ᠳᠠᠬᠢ ᠵᠢᠵᠢᠭ ᠬᠤᠭᠤᠯᠠᠨ ᠰᠢᠷᠡᠭᠡ᠂ ᠵᠢᠵᠢᠭ ᠳᠡᠯᠭᠡᠭᠦᠷ ᠬᠤᠳᠠᠯᠳᠤᠭ᠎ᠠ ᠪᠣᠯᠣᠨ ᠰᠤᠷᠭᠠᠭᠤᠯᠢ ᠶᠢᠨ ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠪᠠᠷ ᠭᠤᠣᠯᠳᠠᠯᠭ᠎ᠠ ᠲᠠᠢ ᠪᠠᠶᠢᠴᠠᠭᠠᠠᠬᠤ ᠡᠲᠡᠭᠡᠳ ᠢᠶᠠᠨ ᠪᠣᠯᠭᠠᠵᠤ᠂  ᠲᠦᠭᠦᠬᠡᠢ ᠮᠠᠲ᠋ᠧᠷᠢᠶᠠᠯ ᠤᠨ ᠭᠡᠷᠡᠴᠢ ᠲᠡᠮᠳᠡᠭ  ᠂ ᠢᠳᠡᠭᠡᠨ ᠤᠮᠳᠠᠭᠠᠨ ᠪᠣᠯᠪᠠᠰᠤᠷᠠᠭᠤᠯᠬᠤ ᠲᠠᠯᠠᠪᠤᠷ ᠤᠨ ᠠᠷᠢᠭᠤᠨ ᠴᠡᠪᠡᠷ ᠂ ᠪᠣᠯᠪᠠᠰᠤᠷᠠᠭᠤᠯᠵᠤ ᠦᠢᠯᠡᠳᠬᠦ ᠶᠠᠪᠤᠴᠠ ᠂  ᠦᠯᠢᠭᠡᠷ ᠭᠡᠪ ᠦᠯᠡᠳᠡᠭᠡᠬᠦ᠂ ᠰᠠᠪᠠ ᠬᠡᠷᠡᠭᠰᠡᠯ ᠢ ᠴᠡᠪᠡᠷᠯᠡᠵᠦ ᠠᠷᠢᠭᠤᠳᠬᠠᠬᠤ ᠵᠡᠷᠭᠡ ᠲᠠᠯ᠎ᠠ ᠪᠠᠷ ᠴᠢᠩᠭ᠎ᠠ ᠨᠢᠮᠪᠠᠢ ᠪᠠᠶᠢᠴᠠᠭᠠᠭᠰᠠᠨ ᠤ ᠬᠠᠮᠲᠤ᠂  ᠰᠤᠷᠭᠠᠭᠤᠯᠢ ᠪᠠ ᠡᠵᠡᠩᠨᠡᠯᠲᠡ ᠶᠢᠨ ᠨᠢᠭᠡᠴᠡ ᠶᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠵᠡᠯ ᠤᠬᠠᠮᠰᠠᠷ  ᠢᠶᠠᠨ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢ ᠪᠠᠨ ᠪᠠᠶᠢᠴᠠᠭᠠᠵᠤ᠂ ᠠᠰᠠᠭᠤᠳᠠᠯ ᠢ ᠡᠮᠬᠢᠯᠡᠨ ᠳᠢᠭᠯᠡᠵᠦ᠂ ᠠᠰᠠᠭᠤᠳᠠᠯ ᠳᠤᠲᠠᠭᠳᠠᠯ ᠢᠶᠠᠨ ᠡᠷᠢᠬᠦ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ   ᠳᠤ ᠴᠢᠭᠯᠡᠬᠦᠯᠵᠦ᠂  ᠬᠠᠤᠯᠢ ᠬᠡᠷᠡᠭᠵᠢᠭᠦᠯᠦᠭᠴᠢ ᠠᠴᠠ  ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠵᠠᠢ  ᠃  ᠡᠨᠡ ᠤᠳᠠᠭᠠᠨ ᠤ ᠪᠠᠶᠢᠴᠠᠭᠠᠯᠲᠠ ᠨᠢ ᠰᠤᠷᠭᠠᠭᠤᠯᠢ ᠶᠢᠨ ᠬᠦᠷᠢᠶ᠎ᠡ ᠵᠢᠴᠢ ᠤᠶᠢᠷ᠎ᠠ ᠤᠷᠴᠢᠨ ᠤ ᠢᠳᠡᠭᠡᠨ ᠤᠮᠳᠠᠭᠠᠨ ᠤ ᠡᠵᠡᠩᠨᠡᠯᠲᠡ ᠶᠢᠨ ᠡᠷᠦᠬᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠵᠡᠩᠨᠡᠯᠲᠡ ᠶᠢᠨ ᠠᠵᠢᠯᠯᠠᠭ᠎ᠠ ᠶᠢ  ᠲᠦᠷᠢᠮᠵᠢᠬᠦᠯᠵᠦ᠂  ᠬᠠᠤᠯᠢ ᠪᠤᠰᠤ ᠠᠵᠢᠯᠯᠠᠭ᠎ᠠ  ᠶᠢ ᠴᠡᠭᠴᠡᠯᠡᠨ᠂  ᠤᠰᠤᠯ  ᠠᠳᠡᠯ ᠠᠴᠠ ᠡᠷᠡᠰ ᠰᠡᠷᠭᠡᠶᠢᠯᠡᠬᠦ  ᠵᠤᠷᠢᠯᠭ᠎ᠠ ᠳᠠᠭᠠᠨ ᠬᠦᠷᠦᠭᠰᠡᠨ ᠪᠠᠶᠢᠨ᠎ᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号