ᠬᠤᠰᠢᠭᠤ ᠨᠠᠮ ᠤᠨ ᠬᠤᠷᠢᠶᠠᠨ ᠤ 47 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/1
   8 ᠰᠠᠷ᠎ᠠ ᠶᠢᠨ 31 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 47 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠲᠡᠭᠡᠷ᠎ᠡ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ  ᠤᠨ  ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠶᠡᠷᠦᠩᠬᠡᠢ ᠰᠠᠶᠢᠳ ᠯᠢ ᠺᠧ ᠴᠢᠶᠠᠩ ᠤᠨ ᠠᠷᠠᠳ ᠤᠨ ᠶᠠᠪᠤᠳᠠᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ ︽ᠰᠢᠨ᠎ᠡ ᠴᠠᠭ ᠦᠶ᠎ᠡ ᠶᠢᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭᠠᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠤᠯᠠᠮᠵᠢᠯᠠᠭᠰᠠᠨ ᠪᠠᠶᠢᠨ᠎ᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠬᠦᠳ ᠬᠤᠷᠠᠯ ᠳᠤ ᠣᠷᠣᠯᠴᠠᠵᠤ᠂ ᠯᠢ ᠵᠠᠨ ᠷᠦᠢ᠂ ᠶᠠᠩ ᠶᠢᠨ ᠮᠢᠩ᠂ ᠯᠢ ᠵᠠᠨ ᠪᠦᠦ᠂ ᠣᠶᠤᠨᠴᠡᠴᠡᠭ ᠵᠢᠴᠢ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠪᠥᠸᠧ ᠷᠦᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号