ᠲᠠᠶᠢᠹᠤᠰᠧ ᠬᠤᠰᠢᠭᠤ ᠲᠡᠯᠬᠡᠬᠦᠷ ᠬᠤᠳᠠᠯᠳᠤᠭᠠᠨ ᠤ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠬᠢᠵᠢᠭ  ᠰᠡᠷᠭᠡᠶᠢᠯᠡᠬᠦ ᠠᠵᠢᠯ ᠳᠤ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2022/9/1
   ᠪᠥᠬᠦ ᠠᠶᠢᠮᠠᠭ ᠤᠨ ᠲᠡᠯᠬᠡᠬᠦᠷ ᠬᠤᠳᠠᠯᠳᠤᠭᠠᠨ ᠤ ᠬᠦᠷᠢᠶ᠎ᠡ ᠴᠠᠷᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠳᠡᠯᠭᠡᠭᠦᠷ ᠬᠤᠳᠠᠯᠳᠤᠭᠠᠨ ᠤ ᠡᠵᠡᠩᠨᠡᠯᠳᠡ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 31 ᠤ ᠡᠳᠦᠷ  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠮᠠ ᠷᠦᠢ ᠮᠠᠨ ᠪᠠᠶᠢᠴᠠᠭᠠᠬᠤ ᠪᠦᠯᠬᠦᠮ ᠲᠠᠭᠠᠭᠤᠯᠵᠤ᠂  ᠲᠡᠯᠬᠡᠬᠦᠷ ᠬᠤᠳᠠᠯᠳᠤᠭᠠᠨ ᠤ ᠬᠦᠷᠢᠶ᠎ᠡ ᠴᠠᠷᠠᠭᠠᠨ ᠳᠠᠬᠢ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠬᠢᠵᠢᠭ ᠰᠡᠷᠭᠡᠶᠢᠯᠡᠯᠳᠡ ᠶᠢᠨ ᠠᠵᠢᠯ ᠳᠤ ᠪᠠᠶᠢᠴᠠᠭᠠᠯᠲᠠ ᠬᠢᠪᠡ᠃ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠭᠤᠣᠯ ᠬᠠᠷᠢᠭᠤᠴᠠᠯᠭᠠᠲᠠᠨ  ᠪᠠᠶᠢᠴᠠᠭᠠᠯᠲᠠ ᠳᠤ ᠣᠷᠣᠯᠴᠠᠵᠠᠢ᠃ ᠪᠠᠶᠢᠴᠠᠭᠠᠬᠤ ᠳᠤᠭᠤᠶᠢᠯᠠᠩ ᠤᠨ ᠬᠢᠨ ᠸᠠᠨ ᠺᠧ ᠯᠦᠩ ᠴᠢᠯᠦᠬᠡᠳᠦ ᠳᠡᠯᠭᠡᠭᠦᠷ᠂ ᠴᠢᠤᠸᠠᠨ ᠵᠢᠶᠠ ᠹᠦ᠋  ᠴᠢᠯᠦᠬᠡᠳᠦ ᠳᠡᠯᠭᠡᠭᠦᠷ᠂ ᠹᠦ᠋ ᠷᠦᠢ ᠡᠮ ᠤᠨ ᠳᠡᠯᠭᠡᠭᠦᠷ ᠵᠢᠴᠢ ᠭᠡᠰᠡᠭ ᠬᠤᠪᠴᠠᠰᠤᠨ ᠤ ᠳᠡᠯᠭᠡᠭᠦᠷ ᠢᠶᠠᠷ ᠤᠷᠤᠵᠤ᠂  ᠴᠠᠬᠢᠯᠭᠠᠨ ᠭᠡᠷᠡᠭᠯᠡᠬᠦ᠂ ᠭᠠᠯ  ᠰᠡᠷᠭᠡᠶᠢᠯᠡᠬᠦ ᠵᠡᠷᠭᠡ  ᠠᠶᠤᠯᠬᠦᠢ ᠦᠢᠯᠡᠳᠪᠦᠷᠢᠯᠡᠯ ᠤᠨ ᠠᠵᠢᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂  ᠪᠣᠷᠤᠯᠠᠭᠤᠯᠭ᠎ᠠ ᠰᠠᠶᠢᠲᠠᠢ ᠢᠳᠡᠭᠡᠨ ᠤᠮᠳᠠᠭᠠᠨ ᠪᠠ ᠬᠦᠢᠲᠡᠨ ᠬᠡᠯᠬᠢᠶᠡᠲᠦ ᠢᠳᠡᠭᠡᠨ ᠵᠡᠷᠭᠡ ᠭᠤᠣᠯᠳᠠᠯᠭ᠎ᠠ ᠲᠠᠢ ᠢᠳᠡᠭᠡᠨ ᠤᠮᠳᠠᠭᠠᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠠᠩᠭᠠᠯᠭ᠎ᠠ᠂ ᠲᠠᠸᠠᠷ ᠤᠨ ᠦᠨ᠎ᠡ ᠬᠠᠩᠰᠢ ᠪᠠ ᠬᠢᠵᠢᠭ  ᠰᠡᠷᠭᠡᠶᠢᠯᠡᠬᠦ ᠠᠷᠭ᠎ᠠ ᠲᠦᠷᠢᠮ ᠤᠨ ᠨᠠᠶᠢᠳᠠᠪᠤᠷᠢᠵᠢᠭᠰᠠᠨ ᠪᠠᠶᠢᠳᠠᠯ ᠢ  ᠪᠠᠶᠢᠴᠠᠭᠠᠵᠤ ᠤᠶᠢᠯᠠᠭᠠᠭᠰᠠᠨ ᠪᠠᠶᠢᠨ᠎ᠠ᠃ ᠪᠠᠶᠢᠴᠠᠭᠠᠯᠲᠠ ᠶᠢᠨ ᠳᠤᠮᠳᠠ ᠢᠯᠡᠷᠡᠭᠰᠡᠨ ᠬᠡᠮ ᠰᠣᠭᠤᠭ ᠤᠨ ᠠᠰᠠᠭᠤᠳᠠᠯ ᠳᠤ ᠴᠢᠭᠯᠡᠬᠦᠯᠵᠦ᠂ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠪᠥᠭᠡᠳ  ᠲᠡᠯᠬᠡᠬᠦᠷ ᠬᠤᠳᠠᠯᠳᠤᠭᠠᠨ ᠤ ᠬᠠᠷᠢᠭᠤᠴᠠᠯᠭᠠᠲᠠᠨ ᠢ ᠠᠵᠢᠯᠲᠠᠨ ᠤ   ᠪᠠᠨ ᠠᠮᠤᠷ ᠲᠦᠪᠰᠢᠨ ᠤ ᠬᠥᠮᠦᠵᠢᠯ ᠪᠠ  ᠬᠢᠷᠢ ᠴᠢᠳᠠᠪᠤᠷᠢ ᠶᠢᠨ ᠪᠣᠯᠪᠠᠰᠤᠷᠠᠯ ᠢ ᠦᠨᠡᠨ ᠬᠦ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂  ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠤᠰᠤᠯ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠬᠤ ᠳᠠᠭᠠᠨ᠂ ᠡᠯ᠎ᠡ ᠡᠵᠡᠩᠨᠡᠯᠲᠡ ᠶᠢᠨ ᠭᠤᠣᠯ ᠴᠣᠭᠴᠠ ᠨᠢ ᠭᠤᠣᠯᠳᠠᠯᠭ᠎ᠠ ᠲᠠᠢ ᠭᠤᠭᠴᠤᠭ᠎ᠠ ᠶᠢ ᠳᠣᠪᠤᠶᠢᠯᠭᠠᠵᠤ᠂ ᠬᠡᠮ ᠰᠤᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠴᠢᠩᠭᠠᠳᠬᠠᠨ᠂ ᠴᠠᠬᠢᠯᠭᠠᠨ ᠤᠳᠠᠰᠤ᠂  ᠬᠡᠢ ᠲᠠᠮᠵᠢᠭᠤᠯᠬᠤ ᠭᠤᠤᠷᠰᠤ  ᠵᠡᠷᠭᠡ ᠲᠤᠨᠤᠭ ᠲᠥᠬᠦᠭᠡᠷᠦᠮᠵᠢ ᠪᠠ ᠭᠠᠯ ᠤᠨᠲᠠᠷᠠᠭᠠᠬᠤ ᠲᠦᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠶᠢ ᠡᠷᠭᠡᠪᠰᠢ ᠪᠠᠲᠤᠯᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠨ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠲᠦᠷᠢᠮᠵᠢᠬᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠲᠦᠷᠢᠮ ᠱᠠᠭᠠᠷᠳᠠᠯᠭ᠎ᠠ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠤᠯᠠᠨ ᠲᠦᠮᠡᠨ ᠤ ᠰᠠᠨᠠᠭ᠎ᠠ ᠠᠮᠤᠷ ᠬᠤᠳᠠᠯᠳᠤᠨ ᠠᠪᠴᠤ ᠭᠡᠷᠡᠭᠯᠡᠬᠦ ᠶᠢ ᠪᠠᠳᠤᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ  ᠢᠳᠡᠭᠡᠨ ᠤᠮᠳᠠᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ᠂ ᠬᠢᠵᠢᠭ  ᠰᠡᠷᠭᠡᠶᠢᠯᠡᠬᠦ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂  ᠠᠮᠤᠷ ᠲᠦᠪᠰᠢᠨ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号