ᠰᠠᠭᠤᠭᠠᠯᠢ ᠲᠤᠭᠤᠷᠢᠭ ᠲᠤ ᠶᠠᠪᠤᠭᠳᠠᠭᠰᠠᠨ ᠲᠠᠯᠠᠪᠠᠢ ᠶᠢᠨ ᠪᠥᠵᠢᠭ ᠤᠨ ᠤᠷᠤᠯᠳᠤᠭᠠᠨ
ᠨᠡᠶᠢᠲᠡᠯᠡᠭᠰᠡᠨ ᠴᠠᠭ᠄
2022/9/1
  8 ᠰᠠᠷ᠎ᠠ   ᠶᠢᠨ 30 ᠤ ᠡᠳᠦᠷ᠂   ᠶᠢᠨ ᠳ᠋ᠦ᠋ ᠬᠤᠸᠠ ᠶᠤᠸᠠᠨ ᠬᠤᠨᠳᠠᠭᠠᠲᠤ ᠲᠠᠯᠠᠪᠠᠶ ᠶᠢᠨ ᠪᠥᠵᠢᠭ ᠤᠨ ᠤᠷᠤᠯᠳᠤᠭᠠᠨ ᠪᠤᠤᠴᠠᠩ ᠪᠠᠯᠭᠠᠰᠤᠨ ᠤ   ᠶᠢᠨ ᠳ᠋ᠦ᠋ ᠬᠤᠸᠠ ᠶᠤᠸᠠᠨ ᠰᠠᠭᠤᠭᠠᠯᠢ ᠲᠤᠭᠤᠷᠢᠭ ᠲᠤ ᠠᠮᠵᠢᠯᠳᠠ ᠲᠠᠢ ᠪᠤᠯᠵᠤ ᠦᠩᠭᠡᠷᠡᠪᠡ᠃  ᠡᠨᠡ ᠤᠳᠠᠭᠠᠨ ᠤ ᠤᠷᠤᠯᠳᠤᠭᠠᠨ ᠳᠤ ᠵᠢᠶᠠᠨ ᠰᠢᠩ ᠨᠡᠶᠢᠭᠡᠮ ᠲᠣᠭᠤᠷᠢᠭ ᠤᠨ ᠨᠠᠶᠢᠷᠠᠯ ᠳᠠᠭᠤᠤ ᠶᠢᠨ ᠪᠦᠯᠬᠦᠮ᠂ ᠲᠠᠢ ᠫᠢᠩ ᠨᠡᠶᠢᠭᠡᠮ ᠲᠣᠭᠤᠷᠢᠭ ᠤᠨ ᠨᠥᠬᠦᠷᠯᠡᠯ ᠪᠥᠵᠢᠭ ᠤᠨ ᠪᠠᠭ᠂  ᠰᠢᠨ ᠬᠤᠸᠠ ᠨᠡᠶᠢᠭᠡᠮ ᠲᠣᠭᠤᠷᠢᠭ ᠤᠨ ᠲᠠᠯᠠᠪᠠᠶ ᠶᠢᠨ ᠪᠥᠵᠢᠭ ᠤᠨ ᠠᠩᠭᠢ ᠵᠡᠷᠭᠡ  12 ᠠᠩᠭᠢ ᠨᠢᠭᠡᠴᠡ ᠶᠢᠨ 240 ᠭᠠᠷᠤᠢ ᠬᠦᠮᠦᠨ ᠣᠷᠣᠯᠴᠠᠵᠠᠢ᠃  ᠤᠷᠤᠯᠳᠤᠭᠠᠨ ᠳᠤ ᠤᠷᠤᠯᠴᠠᠭᠰᠠᠨ ᠠᠩᠭᠢ ᠨᠢᠭᠡᠴᠡ ᠶᠢᠨ ᠬᠢᠨ ᠬᠤᠶᠢᠨ᠎ᠠ ᠬᠤᠶᠢᠨ᠎ᠠ   ᠠᠴᠠ ᠪᠠᠨ  ᠲᠠᠯᠠᠪᠠᠢ ᠳᠤ ᠭᠠᠷᠴᠤ᠂ ᠤᠷ᠎ᠠ ᠠᠪᠢᠶᠠᠰ ᠢᠶᠠᠨ ᠬᠠᠷᠠᠭᠤᠯᠵᠤ᠂ ᠴᠤᠭ ᠵᠢᠪᠬᠤᠭ᠎ᠠ ᠪᠠᠨ ᠪᠠᠳᠠᠷᠠᠭᠤᠯᠤᠨ᠂  ᠲᠠᠯᠠᠪᠠᠶ   ᠶᠢᠨ ᠪᠥᠵᠢᠭ ᠤᠨ ᠷᠢᠳᠢ ᠰᠢᠳᠢ   ᠶᠢ ᠲᠡᠭᠦᠯᠳᠡᠷ ᠰᠠᠶᠢᠬᠠᠨ ᠳᠡᠯᠭᠡᠨ ᠦᠵᠡᠬᠦᠯᠦᠭᠰᠡᠨ ᠪᠠᠶᠢᠯ᠎ᠠ᠃  ᠦᠩᠭᠡ ᠢᠯᠭᠠᠷᠠᠭᠰᠠᠨ ᠪᠠᠩᠵᠠᠯ᠂  ᠦᠵᠡᠰᠬᠦᠯᠡᠩᠳᠦ ᠭᠤᠴᠤ ᠬᠦᠳᠡᠯᠬᠡᠬᠡᠨ ᠨᠢ ᠥᠷᠭᠡᠨ ᠤᠯᠠᠨ ᠲᠦᠮᠡᠨ ᠤ ᠡᠷᠡᠭᠦᠯ ᠦᠬᠡᠳᠡᠷᠭᠡᠭ᠂ ᠬᠦᠴᠦᠷᠬᠡᠭᠵᠢᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠲᠡᠳᠡᠨ ᠤ ᠵᠣᠯ ᠵᠢᠷᠭᠠᠯᠲᠤ ᠠᠮᠢᠳᠤᠷᠠᠯ   ᠢᠶᠠᠷ ᠢᠶᠠᠨ ᠪᠠᠭ᠋ᠠᠷᠬᠠᠵᠤ᠂ ᠰᠠᠶᠢᠨ ᠰᠠᠶᠢᠬᠠᠨ ᠢᠷᠡᠭᠡᠳᠦᠢ ᠪᠠᠨ ᠵᠦᠩᠨᠡᠵᠦ ᠪᠠᠶᠢᠭ᠎ᠠ ᠶᠢ ᠢᠯᠡᠷᠭᠡᠶᠢᠯᠡᠨ᠎ᠡ᠃  ᠤᠷᠤᠯᠳᠤᠭᠠᠨ ᠤ ᠳ᠋ᠦᠩ ᠳᠤ  2 ᠠᠯᠲᠠᠨ ᠮᠧᠳᠠᠯ᠂ 4 ᠮᠥᠩᠭᠦᠨ ᠮᠧᠳᠠᠯ᠂ 6 ᠭᠠᠤᠯᠢᠨ ᠮᠧᠳᠠᠯ ᠤᠨ ᠡᠵᠡᠳ ᠢ ᠰᠢᠯᠭᠠᠷᠠᠭᠤᠯᠵᠤ᠂ ᠬᠠᠮᠢᠶ᠎ᠠ ᠪᠦᠬᠦᠢ ᠤᠳᠤᠷᠢᠳᠤᠯᠭ᠎ᠠ ᠪᠠ ᠠᠵᠤ ᠠᠬᠤᠶᠢᠯᠠᠯᠳᠠᠨ ᠠᠴᠠ ᠱᠠᠩᠨᠠᠯ  ᠬᠦᠬᠢᠬᠦᠯᠦᠯ ᠢ ᠭᠠᠷᠳᠠᠭᠤᠯᠵᠠᠢ  ᠃  ᠲᠠᠶᠢᠹᠤᠰᠧ ᠬᠤᠰᠢᠭᠤᠨ ᠳᠤ ᠲᠠᠯᠠᠪᠠᠶ   ᠶᠢᠨ ᠪᠥᠵᠢᠭ ᠨᠢ ᠨᠢᠭᠡᠨᠲᠡ ᠴᠠᠭ ᠤᠨ ᠥᠩᠭᠡ   ᠶᠢ ᠳᠠᠭᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠪᠣᠯᠵᠤ᠂  ᠢᠯᠠᠩᠭᠤᠶ᠎ᠠ ᠥᠷᠭᠡᠨ ᠣᠯᠠᠨ ᠢᠳᠡᠷᠴᠤᠳ ᠪᠠ ᠨᠠᠰᠤᠳᠠᠶᠢᠴᠤᠳ ᠤᠨ ᠪᠠᠭ᠋ᠠᠷᠬᠠᠯ ᠢ  ᠶᠡᠭᠡ ᠲᠠᠳᠠᠭᠰᠠᠨ ᠪᠠᠶᠢᠳᠠᠭ᠃  ᠡᠨᠡ ᠤᠳᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠢ ᠠᠮᠵᠢᠯᠲᠠ ᠲᠠᠢ ᠡᠷᠭᠢᠯᠡᠭᠰᠡᠨ ᠨᠢ ᠢᠳᠡᠷ ᠥᠲᠡᠯᠦᠭᠡ ᠨᠠᠰᠤᠨ ᠤ ᠬᠥᠮᠥᠰ ᠤᠨ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠵᠤ᠂ ᠲᠡᠳᠡᠨ ᠤ ᠲᠠᠩᠰᠤᠭ ᠠᠮᠢᠳᠤᠷᠠᠯ ᠳᠤ ᠴᠢᠮᠡᠭ ᠨᠡᠮᠡᠭᠰᠡᠨ ᠢᠶᠠᠷ ᠪᠠᠷᠠᠬᠤ ᠦᠭᠡᠢ᠂ ᠲᠠᠯᠠᠪᠠᠶ ᠶᠢᠨ ᠪᠥᠵᠢᠭ  ᠤᠨ ᠪᠠᠭ᠋ᠠᠳᠠᠳ ᠲᠤ ᠴᠤᠭ ᠵᠤᠯᠢ ᠪᠠᠨ ᠬᠠᠷᠠᠭᠤᠯᠵᠤ  ᠂ ᠤᠷ᠎ᠠ ᠮᠡᠷᠭᠡᠵᠢᠯ   ᠢᠶᠠᠨ ᠰᠣᠯᠢᠯᠴᠠᠬᠤ ᠰᠠᠶᠢᠬᠠᠨ ᠲᠠᠪᠴᠠᠩ ᠢ ᠬᠠᠩᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号