ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ  ᠲᠦᠢᠮᠡᠷ ᠢ ᠰᠡᠷᠭᠡᠶᠢᠯᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/9/1
   ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂  ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠥᠮᠥᠰ ᠲᠤ  ᠲᠤᠤᠷᠠᠬᠢ ᠮᠡᠳᠦ ᠭᠡᠳᠦᠨ ᠤᠴᠢᠷ ᠢ ᠤᠨᠴᠠᠭᠠᠶᠢᠯᠠᠨ ᠰᠠᠨᠠᠭᠤᠯᠬᠤ ᠴᠢᠬᠤᠯᠠᠳᠠᠢ  ᠪᠠᠶᠢᠭ᠎ᠠ᠄     1. ᠡᠪᠡᠰᠦ ᠬᠠᠳᠤᠵᠤ ᠡᠪᠡᠰᠦ ᠬᠤᠷᠢᠶᠠᠬᠤ ᠬᠤᠭᠤᠴᠠᠭᠠᠨ ᠳᠤ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠂  ᠭᠠᠯ ᠠᠯᠳᠠᠬᠤ ᠠᠴᠠ ᠡᠷᠡᠰ ᠰᠡᠷᠭᠡᠶᠢᠯᠡᠬᠦ ᠬᠡᠷᠡᠭᠲᠡᠢ᠃     2. ᠨᠤᠲᠤᠭ ᠪᠡᠯᠴᠢᠭᠡᠷ ᠤᠨ ᠡᠵᠡᠩᠨᠡᠭᠴᠢ ᠪᠠ ᠡᠪᠡᠰᠦ ᠬᠠᠳᠤᠭᠴᠢ ᠨᠢ ᠡᠷᠬᠡᠪᠰᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠢ ᠪᠠᠨ ︽ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ︾  ᠲᠤᠭᠳᠠᠭᠰᠠᠨ ᠪᠠᠶᠢᠬᠤ ᠬᠡᠷᠡᠭᠲᠡᠢ᠃     3. ᠡᠪᠡᠰᠦ ᠬᠠᠳᠤᠬᠤ ᠬᠤᠭᠤᠴᠠᠭᠠᠨ ᠳᠤ᠂ ᠬᠠᠳᠤᠵᠤ ᠵᠥᠭᠡᠭᠡᠪᠦᠷᠢᠯᠡᠬᠦ ᠲᠡᠷᠭᠡ ᠤᠨᠤᠭᠠᠨ ᠳᠠᠭᠠᠨ ᠡᠷᠬᠡᠪᠰᠢ ᠭᠠᠯ ᠰᠡᠷᠭᠡᠶᠢᠯᠡᠬᠦ ᠲᠣᠨᠣᠭᠯᠠᠯ ᠤᠭᠰᠠᠷᠠᠨ᠂ ᠭᠠᠯ  ᠤᠨᠳᠠᠷᠠᠭᠠᠬᠤ ᠪᠠᠭᠠᠵᠢ ᠭᠡᠷᠡᠭᠰᠡᠯ ᠢ ᠪᠡᠯᠡᠳᠭᠡᠵᠦ᠂  ᠲᠡᠷᠭᠡ ᠤᠨᠤᠭᠠᠨ ᠠᠴᠠ ᠪᠤᠯᠬᠤ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠬᠡᠷᠡᠭᠲᠡᠢ᠃     4. ᠤᠢ ᠰᠢᠭᠤᠢ ᠨᠤᠳᠤᠭ ᠪᠡᠯᠴᠢᠭᠡᠷ ᠲᠡᠭᠡᠷ᠎ᠡ ᠪᠤᠶᠤ ᠬᠠᠵᠠᠭᠤ ᠬᠠᠪᠢ ᠶᠢᠨ ᠵᠠᠮ ᠢᠶᠠᠷ ᠠᠶᠠᠯᠠᠬᠤ ᠳᠠᠭᠠᠨ ᠭᠠᠯ ᠤᠨ ᠵᠦᠢᠯ ᠬᠠᠶᠠᠵᠤ ᠤᠷᠬᠢᠬᠤ ᠶᠢ ᠡᠷᠡᠰ ᠴᠠᠭᠠᠵᠠᠯᠠᠨ᠎ᠠ  ᠃     5. ᠡᠪᠡᠰᠦ ᠬᠠᠳᠤᠵᠤ ᠲᠡᠭᠡᠭᠡᠬᠦ ᠳᠡᠭᠡᠨ ᠭᠠᠯ ᠤᠨ ᠵᠦᠢᠯ ᠢ ᠠᠪᠴᠤ ᠶᠠᠪᠤᠬᠤ ᠦᠭᠡᠢ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠭᠠᠯ ᠨᠤᠴᠤᠭᠠᠵᠤ ᠲᠤᠭᠤᠭᠠᠯᠠᠬᠤ᠂ ᠳᠤᠯᠠᠭᠠᠯᠠᠬᠤ ᠮᠡᠳᠦ ᠶᠢᠨ ᠦᠢᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃    6. ᠬᠡᠭᠡᠷ᠎ᠡ ᠭᠠᠳᠠᠨ᠎ᠠ ᠭᠠᠯ ᠨᠣᠴᠣᠭᠠᠵᠤ ᠠᠵᠢᠯᠯᠠᠬᠤ ᠴᠢᠬᠤᠯᠠᠳᠠᠢ ᠪᠤᠯ᠂ ᠡᠷᠬᠡᠪᠰᠢ ᠰᠤᠮᠤ ᠰᠢᠶᠠᠩ ᠪᠠᠯᠭᠠᠰᠤᠨ  ᠳᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠭᠠᠯ ᠰᠡᠷᠭᠡᠶᠢᠯᠡᠬᠦ ᠲᠤᠰᠠᠭᠠᠷᠯᠠᠯ ᠤᠨ ᠠᠷᠭ᠎ᠠ ᠬᠡᠮᠵᠢᠶ᠎ᠡ ᠠᠪᠴᠤ᠂ ᠭᠠᠯ ᠤᠨᠲᠠᠷᠠᠭᠠᠬᠤ ᠪᠠᠭᠠᠵᠢ ᠭᠡᠷᠡᠭᠰᠡᠯ ᠢ ᠬᠦᠢᠴᠡᠳ ᠪᠡᠯᠡᠳᠬᠡᠨ᠂  ᠭᠠᠯ ᠠᠯᠳᠠᠬᠤ ᠠᠴᠠ ᠰᠡᠷᠭᠡᠶᠢᠯᠡᠬᠦ ᠬᠡᠷᠡᠭᠲᠡᠢ᠃     7. ᠪᠤᠯᠠᠰᠢᠨ ᠤ ᠭᠠᠵᠠᠷ ᠲᠤ ᠴᠠᠭᠠᠰᠤ ᠰᠢᠲᠠᠭᠠᠬᠤ ᠶᠢ ᠡᠷᠡᠰ ᠴᠠᠭᠠᠵᠠᠯᠠᠨ᠎ᠠ᠃    8. ᠡᠪᠡᠰᠦ ᠬᠤᠷᠢᠶᠠᠭᠰᠠᠨ ᠭᠠᠵᠠᠷ ᠲᠤ ᠭᠠᠯ ᠬᠡᠷᠡᠭᠯᠡᠬᠦ ᠶᠢ ᠴᠠᠭᠠᠵᠠᠯᠠᠵᠤ᠂  ᠭᠡᠷ ᠤᠨ ᠬᠤᠯᠠᠩ ᠳᠠᠭᠠᠨ ᠭᠠᠯ ᠰᠡᠷᠭᠡᠶᠢᠯᠡᠬᠦ ᠪᠦᠷᠬᠦᠭᠦᠯ ᠲᠠᠭᠠᠷᠠᠭᠤᠯᠬᠤ ᠶᠢ ᠰᠠᠨᠠᠭᠠᠴᠢᠯᠠᠨ᠎ᠠ᠃ ᠲᠠᠪᠤᠳᠤᠭᠠᠷ ᠳᠡᠰ ᠠᠴᠠ ᠲᠡᠭᠡᠭᠰᠢ ᠰᠠᠯᠬᠢᠨ ᠲᠠᠢ ᠡᠳᠦᠷ     ᠠᠷᠭᠠᠯ ᠨᠡᠬᠦᠷᠡᠰᠦ ᠬᠡᠷᠡᠭᠯᠡᠬᠦ ᠦᠬᠡᠢ ᠪᠤᠯ ᠰᠠᠶᠢᠨ᠂ ᠭᠠᠯ ᠲᠠᠢ ᠦᠨᠡᠰᠦ ᠠᠰᠬᠠᠬᠤ ᠶᠢ ᠡᠷᠡᠰ ᠴᠡᠭᠡᠷᠯᠡᠨ᠎ᠡ᠃     9. ᠠᠮᠢ ᠠᠬᠤᠢ ᠶᠢᠨ ᠪᠣᠯᠪᠠᠰᠤᠨ ᠢ ᠪᠡᠶᠡᠯᠡᠬᠦᠯᠬᠦ ᠳᠤ ᠭᠠᠯ ᠰᠡᠷᠭᠡᠶᠢᠯᠡᠯᠳᠡ ᠬᠠᠮᠤᠭ ᠠᠴᠠ ᠴᠢᠬᠤᠯᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ  ᠬᠠᠷᠢᠭᠤᠴᠠᠯᠭ᠎ᠠ ᠶᠤᠮ᠂ ᠭᠠᠯ ᠭᠠᠷᠤᠭᠰᠠᠨ ᠢ ᠣᠯᠵᠤ ᠮᠡᠳᠡᠪᠡᠯ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ ᠂ ᠠᠷᠭ᠎ᠠ ᠬᠡᠮᠵᠢᠶ᠎ᠡ ᠠᠪᠴᠤ  ᠳᠠᠷᠤᠢ ᠲᠦᠷᠭᠡᠨ ᠤᠨᠲᠠᠷᠠᠭᠠᠬᠤ ᠬᠡᠷᠡᠭᠲᠡᠢ᠃     ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠳᠠᠷᠠᠭᠠᠬᠤ ᠲᠤᠰᠬᠠᠢ ᠤᠲᠠᠰᠤ᠄ 12119     ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠄ 0479 ︱ 5238277      ᠲᠠᠶᠢᠹᠤᠰᠧ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0479 ︱ 5222413      ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ 119      ᠬᠦᠨᠪᠤᠯᠠᠭ ᠰᠤᠮᠤ᠄ 0479 ︱ 5887015      ᠪᠤᠤᠴᠠᠩ ᠪᠠᠯᠭᠠᠰᠤ᠄ 0479 ︱ 5222227      ᠶᠦᠩ ᠹᠧᠩ ᠪᠠᠯᠭᠠᠰᠤ᠄ 0479 ︱ 2265107      ᠴᠢᠶᠠᠨ ᠶᠢᠨ ᠭᠧᠦ ᠪᠠᠯᠭᠠᠰᠤ᠄ 0479 ︱ 2265514      ᠯᠦᠸᠧ ᠲᠦᠸᠧ ᠱᠠᠨ ᠪᠠᠯᠭᠠᠰᠤ᠄ 0479 ︱ 5855017      ᠬᠤᠩ ᠴᠢ ᠪᠠᠯᠭᠠᠰᠤ᠄ 0479 ︱ 5823064      ᠰᠢᠩ ᠹᠦ᠋ ᠰᠢᠶᠠᠩ᠄ 0479-5899968
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号