ᠶᠢᠨ ᠶᠦᠩ ᠾᠧ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2022/9/10
  ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠳᠤ  ᠂ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 8 ᠤ ᠡᠳᠦᠷ  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠶᠢᠨ ᠶᠦᠩ ᠾᠧ ᠴᠢᠯᠦᠬᠡᠳᠦ ᠳᠡᠯᠭᠡᠭᠦᠷ᠂  ᠭᠤᠣᠯᠳᠠᠯᠭ᠎ᠠ ᠲᠠᠢ ᠲᠥᠷᠥᠯ ᠵᠦᠢᠯ ᠤᠨ ᠲᠠᠯᠠᠪᠤᠷ ᠲᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠶᠢᠨ ᠶᠦᠩ ᠾᠧ ᠨᠠᠷ ᠤᠷᠢᠳ ᠬᠤᠵᠢᠳ ᠳ᠋ᠧ ᠴᠢᠩ ᠶᠤᠸᠠᠨ ᠺᠤᠮᠫᠠᠨᠢ ᠶᠢᠨ ᠣᠷᠭᠠᠨᠢᠭ ᠪᠣᠷᠳᠣᠭᠤᠷ ᠪᠣᠯᠪᠠᠰᠤᠷᠠᠭᠤᠯᠬᠤ ᠦᠢᠯᠡᠳᠪᠦᠷᠢ᠂ ᠤᠣ ᠱᠧᠩ ᠳ᠋ᠡ ᠴᠢᠯᠦᠬᠡᠳᠦ ᠳᠡᠯᠭᠡᠭᠦᠷ᠂ ᠲᠠᠢ ᠴᠧᠩ ᠬᠦᠸᠧ ᠵᠢᠢ ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂   ᠠᠮᠤᠷ ᠲᠦᠪᠰᠢᠨ ᠤ ᠬᠠᠮᠢᠶᠠᠷᠤᠯᠲᠠ ᠪᠣᠯᠣᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢ ᠨᠢ ᠨᠠᠷᠢᠨ ᠣᠶᠢᠯᠠᠭᠠᠪᠠ᠃ ᠶᠢᠨ ᠶᠦᠩ ᠾᠧ  ᠪᠠᠶᠢᠴᠠᠭᠠᠨ ᠰᠤᠳᠤᠯᠤᠯᠳᠠ ᠬᠢᠬᠦ ᠳᠡᠭᠡᠨ᠂ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠮᠤᠷ ᠲᠦᠪᠰᠢᠨ ᠪᠦᠳᠦᠭᠡᠨ ᠪᠠᠶᠢᠭᠤᠯᠤᠯᠲᠠ ᠶᠢᠨ ᠠᠯᠬᠤᠮ ᠶᠠᠪᠤᠴᠠ ᠶᠢ ᠲᠦᠷᠢᠮᠵᠢᠬᠦᠯᠦᠨ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨᠳᠠᠷᠠᠭᠠᠬᠤ ᠪᠠᠭᠠᠵᠢ ᠲᠥᠬᠦᠭᠡᠷᠦᠮᠵᠢ ᠶᠢ ᠪᠣᠯᠪᠠᠰᠤᠷᠠᠩᠭᠤᠢ ᠬᠡᠷᠡᠭᠯᠡᠵᠦ᠂ ᠭᠠᠯ ᠤᠨᠲᠠᠷᠠᠭᠠᠬᠤ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠳᠤᠯᠠᠨ᠂ ᠡᠯ᠎ᠡ ᠲᠦᠷᠦᠯ ᠤᠨ ᠤᠰᠤᠯ ᠠᠳᠡᠯ ᠢ ᠦᠨᠳᠦᠰᠦᠨ ᠠᠴᠠ ᠨᠢ ᠰᠡᠷᠭᠡᠶᠢᠯᠡᠵᠦ᠂ ᠠᠷᠠᠳ ᠤᠯᠠᠨ ᠤ ᠠᠮᠤᠷ ᠲᠠᠶᠢᠪᠤᠩ ᠢᠶᠠᠷ ︽ᠬᠤᠣᠰ ᠪᠠᠶᠠᠷ︾  ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃  ᠠᠶᠤᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ  ᠲᠦᠷᠢᠮ  ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠶᠤᠯᠬᠦᠢ  ᠦᠢᠯᠡᠳᠪᠦᠷᠢᠯᠡᠯ ᠤᠨ ᠡᠯ᠎ᠡ  ᠲᠦᠷᠦᠯ ᠤᠨ ᠠᠵᠢᠯ ᠢ ᠦᠨᠡᠨᠬᠦ  ᠰᠠᠶᠢᠨ ᠬᠢᠵᠦ᠂ ᠪᠥᠬᠦ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠬᠥᠭᠵᠢᠬᠦ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠵᠠᠢ᠃ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号