ᠲᠠᠶᠢᠹᠦᠰᠧ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/10
 9 ᠰᠠᠷ᠎ᠠ ᠶᠢᠨ 9 ᠤ ᠡᠳᠦᠷ᠂  ᠭᠤᠴᠢ ᠶᠢᠰᠦᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ  ᠤ ᠰᠠᠷ᠎ᠠ  ᠬᠦᠷᠴᠦ ᠢᠷᠡᠬᠦ ᠲᠠᠰᠢᠷᠠᠮ ᠳᠤ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠢᠨ ᠬᠦᠨᠪᠤᠯᠠᠭ ᠰᠤᠮᠤᠨ ᠤ ᠬᠤᠶᠢᠳᠤ ᠸᠠᠶᠤᠤ ᠭᠠᠴᠠᠭᠠᠨ ᠳᠤ ᠬᠦᠷᠴᠦ  ︽ᠰᠢᠨ᠎ᠡ ᠠᠶᠠᠨ ᠵᠠᠮ ᠳᠠᠭᠠᠨ ᠡᠷᠡᠯᠭᠡᠭᠯᠡᠨ ᠤᠷᠤᠭᠰᠢᠯᠠᠵᠤ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠶ᠎ᠠ︾  ᠭᠤᠣᠯ ᠰᠡᠳᠦᠪᠲᠦ ᠰᠢᠷᠢᠰ ᠤᠬᠠᠭᠤᠯᠭ᠎ᠠ ᠶᠢᠨ ᠠᠵᠢᠯᠯᠠᠭ᠎ᠠ  ᠦᠷᠨᠢᠬᠦᠯᠦᠭᠰᠡᠨ ᠪᠠᠶᠢᠨ᠎ᠠ᠃ ᠤᠬᠠᠭᠤᠯᠬᠤ ᠳᠤᠭᠤᠶᠢᠯᠠᠩ ᠤᠨ ᠬᠢᠨ ᠬᠠᠳᠤᠯᠠᠩ ᠤᠨ ᠲᠠᠯᠠᠪᠠᠢ ᠳᠤ ᠬᠦᠷᠴᠦ ᠮᠠᠯᠴᠢᠨ ᠲᠦᠮᠡᠨ ᠲᠠᠢ ᠨᠢᠭᠤᠷᠳᠠᠨ ᠵᠤᠭᠤᠭᠳᠠᠬᠤ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠲᠣᠭᠤᠷᠢᠨ ᠳᠤ ᠨᠠᠷᠢᠨ ᠨᠢᠮᠪᠠᠢ ᠤᠬᠠᠭᠤᠯᠭ᠎ᠠ ᠲᠠᠶᠢᠯᠤᠮᠵᠢ ᠬᠢᠵᠡᠢ᠃  ᠬᠠᠳᠤᠯᠠᠩ ᠲᠡᠭᠡᠷ᠎ᠡ ᠪᠠᠶᠢᠭᠰᠠᠨ ᠮᠠᠯᠴᠢᠳ ᠠᠵᠢᠯᠯᠠᠭ᠎ᠠ ᠳᠤ ᠮᠠᠰᠢ ᠢᠳᠡᠪᠬᠢᠲᠡᠢ ᠤᠷᠤᠯᠴᠠᠭᠠᠳ᠂ ᠲᠤᠬᠠᠢ ᠶᠢᠨ ᠲᠠᠯᠠᠪᠠᠶ ᠶᠢᠨ ᠠᠭᠤᠷ ᠠᠮᠢᠰᠬᠤᠯ ᠶᠡᠬᠡᠯᠡ ᠬᠥᠭᠵᠢᠶᠡᠨᠲᠡᠢ ᠪᠠᠶᠢᠵᠤ᠂ ᠤᠬᠠᠭᠤᠯᠭ᠎ᠠ ᠶᠢᠨ ᠠᠵᠢᠯᠯᠠᠭ᠎ᠠ ᠨᠢ ᠤᠷᠢᠳᠴᠢᠯᠠᠵᠤ ᠵᠢᠱᠢᠭᠰᠡᠨ ᠦᠷ᠎ᠡ ᠪᠦᠲᠦᠮᠵᠢ ᠳᠡᠭᠡᠨ ᠬᠦᠷᠦᠭᠰᠡᠨ ᠪᠠᠶᠢᠯ᠎ᠠ᠃  ᠠᠵᠢᠯᠯᠠᠭᠠᠨ ᠤ ᠳᠤᠮᠳᠠ ᠪᠠᠰᠠ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠦᠨᠳᠦᠰᠦᠲᠡᠨ ᠤ ᠵᠢᠷᠤᠭᠲᠤ ᠰᠡᠳᠬᠦᠯ︾ ᠵᠡᠷᠭᠡ ᠡᠯ᠎ᠡ ᠵᠦᠢᠯ ᠤᠨ ᠤᠬᠠᠭᠤᠯᠭ᠎ᠠ ᠶᠢᠨ  ᠮᠠᠲ᠋ᠧᠷᠢᠶᠠᠯ ᠢ ᠮᠠᠯᠴᠢᠳ ᠲᠤ ᠲᠠᠷᠬᠠᠭᠠᠵᠠᠢ᠃   ᠡᠶᠢᠨ ᠬᠦ᠋᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ  ᠲᠤᠭᠤᠶᠢᠯᠠᠨ ᠰᠠᠭᠤᠵᠤ ᠬᠠᠮᠲᠤ ᠳᠠᠭᠠᠨ ᠰᠤᠷᠤᠯᠴᠠᠬᠤ ᠪᠠᠷ ᠲᠠᠮᠵᠢᠭᠠᠳ᠂ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠨ ᠮᠡᠲᠦ ᠨᠢᠭᠲᠠᠷᠠᠨ ᠪᠦᠯᠬᠦᠮᠳᠡᠭᠰᠡᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠮᠠᠯᠴᠢᠨ ᠲᠦᠮᠡᠨ  ᠤ ︽ᠲᠠᠪᠤᠨ ᠮᠡᠳᠡᠷᠡᠬᠦᠢ ︾ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ ᠤᠯᠠᠨ ᠢᠶᠠᠷ ᠢᠶᠠᠨ᠂ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠣᠷᠣᠯᠴᠠᠵᠤ᠂  ᠦᠨᠳᠦᠰᠦᠲᠡᠨ ᠤ ᠪᠦᠯᠬᠦᠮᠳᠡᠯ ᠢ ᠬᠠᠮᠲᠤᠪᠠᠷ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠪᠦᠬᠦ ᠬᠤᠰᠢᠭᠤᠨ ᠳᠤ ᠳᠡᠯᠭᠡᠷᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号