ᠬᠤᠰᠢᠭᠤᠨ ᠤ ᠤᠳᠤᠷᠢᠳᠤᠯᠭ᠎ᠠ ᠨᠠᠷ ᠪᠠᠭᠰᠢ ᠠᠵᠢᠯᠳᠠᠳ ᠢ ᠬᠠᠯᠠᠮᠵᠢᠯᠠᠨ ᠲᠤᠬᠤᠨᠢᠭᠤᠯᠤᠭᠰᠠᠨ
ᠨᠡᠶᠢᠲᠡᠯᠡᠭᠰᠡᠨ ᠴᠠᠭ᠄
2022/9/10
 9 ᠰᠠᠷ᠎ᠠ ᠶᠢᠨ 9 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠲᠠᠷᠤᠭ᠎ᠠ ᠴᠧᠨ ᠶᠠᠨ ᠪᠦᠦ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠡᠰᠢᠭᠲᠦ ᠲᠤᠰᠪᠤᠷᠢ ᠲᠤᠬᠤᠨᠢᠭᠤᠯᠬᠤ ᠪᠦᠯᠬᠦᠮ ᠲᠠᠭᠠᠭᠤᠯᠵᠤ᠂  ᠲᠤᠰ ᠬᠤᠰᠢᠭᠤᠨ ᠤ ᠪᠠᠨ ᠭᠡᠰᠡᠭ ᠪᠠᠭᠰᠢ ᠠᠵᠢᠯᠳᠠᠨ ᠢ ᠬᠠᠯᠠᠮᠵᠢᠯᠠᠨ ᠲᠤᠬᠤᠨᠢᠭᠤᠯᠵᠤ᠂  ᠲᠡᠳᠡᠨ ᠤ  ᠰᠤᠷᠭᠠᠨ ᠬᠦᠮᠦᠵᠢᠯ ᠤᠨ ᠦᠢᠯᠡᠰ ᠲᠤ ᠦᠵᠡᠬᠦᠯᠦᠭᠰᠡᠨ  ᠵᠢᠳᠬᠦᠯ ᠴᠢᠷᠮᠠᠶᠢᠯᠭ᠎ᠠ ᠪᠠ ᠬᠤᠪᠢ ᠨᠡᠮᠡᠷᠢ ᠳᠤ ᠲᠠᠯᠠᠷᠬᠠᠭᠰᠠᠨ ᠪᠦᠭᠡᠳ ᠪᠦᠭᠦ ᠬᠤᠰᠢᠭᠤᠨ ᠤ ᠥᠷᠭᠡᠨ ᠣᠯᠠᠨ ᠰᠤᠷᠭᠠᠨ  ᠬᠦᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠡᠢ᠃ ᠲᠣᠬᠤᠨᠢᠭᠤᠯᠬᠤ ᠪᠦᠯᠬᠦᠮ ᠤᠨ ᠬᠢᠨ ᠪᠠᠭᠰᠢ ᠨᠠᠷ ᠠᠴᠠ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠰᠤᠷᠭᠠᠨ ᠬᠦᠮᠦᠵᠢᠯ ᠤᠨ ᠡᠮᠦᠨ᠎ᠡ ᠹᠷᠣᠨᠲ ᠲᠤ ᠰᠢᠷᠭᠠᠭᠤ ᠬᠠᠳᠠᠭᠤᠵᠢᠯᠳᠠᠢ ᠠᠵᠢᠯᠯᠠᠨ᠂ ᠠᠵᠢᠯ ᠦᠢᠯᠡᠰ ᠢᠶᠠᠨ ᠳᠡᠭᠡᠳᠦᠯᠡᠵᠦ᠂  ᠬᠤᠪᠢ ᠨᠡᠮᠡᠷᠢ ᠪᠠᠨ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠬᠦ ᠶᠢᠨ ᠬᠠᠮᠳᠤ᠂  ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠤᠷᠭᠠᠨ ᠬᠦᠮᠦᠵᠢᠯ ᠤᠨ ᠦᠢᠯᠡᠰ ᠢ ᠬᠦᠭᠵᠢᠬᠦᠯᠦᠨ᠂ ᠨᠠᠩ ᠣᠯᠠᠨ ᠬᠡᠷᠡᠭᠴᠡᠭᠡ ᠲᠠᠢ ᠴᠢᠳᠠᠪᠤᠷᠢᠲᠠᠨ ᠢ ᠬᠥᠮᠥᠵᠢᠭᠦᠯᠬᠦ  ᠳᠤ ᠬᠦᠰᠡᠯ ᠨᠠᠶᠢᠳᠠᠯᠭ᠎ᠠ ᠪᠠᠨ ᠲᠠᠯᠪᠢᠭᠰᠠᠨ ᠪᠠᠶᠢᠨ᠎ᠠ᠃ ᠵᠣᠣ ᠹᠧᠢ ᠫᠧᠩ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠥᠭᠵᠢᠯᠲᠡ ᠶᠢᠨ ᠰᠠᠭᠤᠷᠢ ᠮᠥᠨ᠃  ᠡᠷᠭᠡᠪᠰᠢ ᠰᠤᠷᠭᠠᠨ ᠬᠥᠮᠦᠵᠢᠯ ᠤᠨ ᠠᠵᠢᠯᠲᠠᠳ ᠤᠨ ᠢᠳᠡᠪᠬᠢᠵᠢᠯ ᠢ ᠲᠠᠶᠢᠴᠢᠯᠠᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂  ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠡᠳᠬᠢᠯ ᠲᠠᠯᠪᠢᠵᠤ ᠰᠠᠶᠢᠲᠤᠷ ᠡᠷᠬᠢᠯᠡᠬᠦ ᠬᠡᠷᠡᠭᠲᠡᠢ᠃ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠢᠷᠠᠭᠤ ᠠᠯᠳᠠᠷ ᠢᠶᠠᠨ ᠨᠠᠨᠳᠢᠩᠨᠠᠵᠤ᠂  ᠤᠯᠠᠮ ᠢᠯᠡᠬᠦᠦ ᠡᠷᠡᠮᠡᠬᠡᠶᠢᠯᠡᠨ ᠤᠷᠤᠭᠰᠢᠯᠠᠵᠤ᠂ ᠨᠡᠩ ᠯᠠᠪᠳᠠᠭᠤᠨ ᠪᠠᠲᠤᠲᠠᠢ ᠰᠤᠷᠲᠠᠯ ᠢᠶᠠᠷ ᠰᠤᠷᠭᠠᠨ ᠬᠥᠮᠦᠵᠢᠯ ᠤᠨ ᠠᠵᠢᠯ ᠳᠤ ᠤᠷᠤᠯᠴᠠᠨ᠂ ᠨᠡᠷᠡᠳᠦ ᠰᠤᠷᠭᠠᠭᠤᠯᠢ ᠶᠢ ᠪᠠᠶᠢᠭᠤᠯᠵᠤ᠂ ᠨᠡᠷᠡᠳᠦ ᠪᠠᠭᠰᠢ ᠪᠣᠯᠵᠤ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠭᠡᠷᠡᠭᠴᠡᠭᠡ ᠲᠠᠢ ᠨᠡᠩ ᠤᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤᠨ ᠤ ᠤᠳᠤᠷᠢᠳᠤᠯᠭ᠎ᠠ ᠵᠣᠣ ᠬᠠᠢ ᠯᠢ᠂ ᠯᠢ ᠱᠣᠸ ᠯᠢᠨ᠂ ᠪᠠᠭᠠᠲᠤᠷ᠂ ᠵᠠᠩ ᠸᠧᠨ ᠴᠠᠩ᠂ ᠡᠷᠳᠡᠨᠢᠪᠠᠭᠠᠳᠤᠷ ᠂ ᠣᠶᠤᠨᠴᠡᠴᠡᠭ᠂ ᠴᠢᠨ ᠢ᠂ ᠯᠢᠦ ᠲᠢᠩ ᠰᠢᠸ᠂ ᠴᠢ ᠵᠢᠦ ᠴᠧᠩ᠂ ᠵᠣᠣ ᠶᠦᠩ ᠵᠢᠴᠢ ᠰᠤᠷᠭᠠᠨ ᠬᠥᠮᠦᠵᠢᠯ ᠤᠨ ᠲᠤᠪᠴᠢᠶᠠᠨ ᠤ ᠬᠠᠷᠢᠭᠤᠴᠠᠯᠭᠠᠲᠠᠨ ᠲᠤᠬᠤᠨᠢᠭᠤᠯᠭ᠎ᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号