9 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠴᠧᠨ | ᠶᠠᠨ ᠪᠦᠦ ᠪᠦᠭᠦ ᠬᠤᠰᠢᠭᠤᠨ ᠤ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯ ᠢ ᠠᠬᠢᠭᠤᠯᠬᠤ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ︽ᠲᠠᠪᠤ ᠶᠢ ᠲᠤᠶᠢᠯᠪᠤᠷᠢᠳᠠᠢ | ᠪᠠᠶᠢᠴᠠᠭᠠᠬᠤ︾ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ | ᠭᠤᠣᠯᠳᠠᠯᠭ᠎ᠠ ᠲᠠᠢ ᠠᠵᠢᠯ ᠳᠤ ᠲᠤᠬᠢᠷᠠᠭᠤᠯᠤᠯᠳᠠ ᠪᠠ ᠪᠠᠶᠢᠷᠢᠯᠠᠭᠤᠯᠤᠯᠳᠠ ᠬᠢᠵᠡᠢ᠃ ᠬᠤᠷᠠᠯ ᠠᠴᠠ᠂ ︽ᠲᠠᠪᠤ ᠶᠢ | ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠴᠢᠮᠵᠢᠭᠦᠯᠦᠨ ᠭᠠᠮᠨᠠᠵᠤ ᠬᠥᠭᠵᠢᠭᠦᠯᠬᠦ᠂ ᠡᠬᠢ ᠪᠠᠶᠠᠯᠢᠭ ᠤᠨ | ᠠᠰᠢᠭᠯᠠᠮᠵᠢ ᠶᠢ ᠨᠡᠮᠡᠭᠳᠡᠬᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠣᠭᠤᠷᠢᠨ ᠳᠤ ᠬᠢᠭᠰᠡᠨ ᠴᠢᠬᠤᠯᠠ ᠪᠠᠶᠢᠷᠢᠯᠠᠭᠤᠯᠤᠯᠲᠠ ᠪᠣᠯᠣᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠡᠷᠭᠡᠪᠰᠢ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ | ᠠᠵᠢᠯᠯᠠᠭ᠎ᠠ ᠶᠢ ᠣᠳᠣᠬᠠᠨ ᠤ ᠠᠵᠢᠯ ᠤᠨ ᠢᠶᠠᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠨ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠠᠵᠢᠯ ᠤᠨ ᠠᠷᠭ᠎ᠠ ᠪᠠᠷᠢᠯ ᠢᠶᠠᠨ | ᠨᠠᠷᠢᠯᠢᠭᠵᠢᠭᠤᠯᠵᠤ᠂ ᠠᠵᠢᠯ ᠤᠨ ᠡᠬᠡ ᠳᠠᠩᠰᠠ ᠶᠢ ᠪᠠᠶᠢᠭᠤᠯᠤᠨ᠂ ᠴᠠᠭ ᠤᠨ ᠬᠢᠵᠠᠭᠠᠷ ᠢ ᠠᠩᠬᠠᠷᠴᠤ᠂ ᠡᠯ᠎ᠡ | ᠲᠦᠷᠦᠯ ᠤᠨ ᠠᠵᠢᠯ ᠢ ᠡᠮᠬᠢ ᠵᠢᠷᠤᠮ ᠲᠠᠢ ᠦᠷᠨᠢᠬᠦᠯᠦᠨ᠂ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ ᠬᠡᠷᠡᠭᠲᠡᠢ᠃ | ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠰᠢᠢᠳᠪᠦᠷᠢᠯᠡᠬᠦ ᠠᠷᠭ᠎ᠠ ᠪᠣᠳᠣᠯᠭ᠎ᠠ ᠠᠪᠴᠤ᠂ ᠵᠥᠪᠰᠢᠶᠡᠷᠡᠭᠦᠯᠬᠦ ᠪᠠᠷ | ᠪᠠᠶᠢᠭ᠎ᠠ ᠲᠦᠷᠦᠯ ᠵᠦᠢᠯ ᠤᠨ ᠲᠦᠷᠭᠡᠨ ᠵᠦᠪᠰᠢᠶᠡᠷᠡᠬᠦᠯᠵᠦ ᠠᠵᠢᠯ ᠡᠬᠢᠯᠡᠬᠦ ᠶᠢ ᠠᠬᠢᠭᠤᠯᠤᠨ᠂ ︽ᠬᠠᠭᠠᠰ ᠳᠤᠲᠠᠭᠤ | ︾ ᠢᠨᠵᠧᠨᠧᠷᠢᠩ ᠢ ᠰᠡᠷᠬᠦᠬᠡᠨ ᠪᠠᠶᠢᠭᠤᠯᠵᠤ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢᠨ ᠭᠦᠢᠯᠭᠡᠭᠡ ᠶᠢ ᠬᠦᠭᠵᠢᠬᠡᠨ᠂ | ᠭᠠᠵᠠᠷ ᠰᠢᠷᠣᠢ ᠶᠢ ᠥᠨᠳᠥᠷ ᠪᠦᠲᠦᠮᠵᠢᠲᠡᠢ ᠭᠡᠷᠡᠭᠯᠡᠵᠦ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠢᠶᠠᠷ | ᠠᠰᠢᠭᠯᠠᠨ᠂ ᠠᠵᠤ ᠠᠬᠤᠢ ᠨᠡᠶᠢᠭᠡᠮ ᠤᠨ ᠡᠷᠡᠭᠦᠯ ᠪᠥᠭᠡᠳ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠭᠰᠠᠨ ᠪᠠᠶᠢᠨ᠎ᠠ᠃ ᠬᠤᠷᠠᠯ ᠠᠴᠠ ᠪᠠᠰᠠ ᠲᠠᠢ ᠰᠢ ᠲᠡᠮᠦᠷ ᠵᠠᠮ ᠤᠨ ᠰᠢ ᠫᠦᠸᠧ ᠥᠷᠲᠡᠭᠡᠨ ᠤ | ᠰᠡᠯᠡᠬᠦᠴᠡᠯ ᠤᠨ ᠲᠠᠯᠠᠪᠠᠢ ᠪᠣᠯᠣᠨ ᠲᠡᠮᠦᠷ ᠵᠠᠮ ᠳᠠᠭᠠᠤ ᠳᠠᠬᠢ ᠭᠠᠵᠠᠷ ᠰᠢᠷᠣᠢ ᠲᠠᠳᠠᠪᠤᠷᠢᠯᠠᠬᠤ ᠶᠠᠪᠤᠳᠠᠯ ᠢ ᠰᠤᠳᠤᠯᠵᠠᠢ | ᠃ ᠬᠤᠰᠢᠭᠤᠨ ᠤ ᠤᠳᠤᠷᠢᠳᠤᠯᠭ᠎ᠠ ᠶᠢᠨ ᠶᠦᠩ ᠾᠧ᠂ ᠸᠠᠩ ᠵᠢᠦᠢ ᠰᠢ᠂ ᠯᠢ ᠵᠠᠨ ᠪᠦᠦ᠂ ᠡᠷᠳᠡᠨᠢᠪᠠᠭᠠᠳᠤᠷ᠂ ᠪᠦᠦ | ᠴᠢᠩ ᠱᠠᠨ ᠵᠢᠴᠢ ᠬᠠᠮᠢᠶ᠎ᠠ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠢ᠃ |