ᠪᠠᠶᠢᠴᠠᠭᠠᠯᠳᠠ ᠶᠢᠨ ᠡᠷᠴᠢᠮ ᠢ ᠴᠢᠩᠭᠠᠷᠠᠭᠤᠯᠵᠤ  ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2022/9/10
 ᠬᠢᠵᠢᠭ ᠰᠡᠷᠭᠡᠶᠢᠯᠡᠬᠦ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂  ᠰᠡᠷᠭᠡᠶᠢᠯᠡᠯᠲᠡ ᠶᠢᠨ ᠱᠤᠭᠤᠮ ᠢ ᠤᠯᠠᠮ ᠪᠠᠳᠤ ᠴᠤᠭᠴᠠᠯᠠᠬᠤ‌‍ᠤ᠋ ᠶᠢᠨ ᠲᠥᠯᠥᠭᠡ᠂ 9 ᠰᠠᠷ᠎ᠠ ᠶᠢᠨ 6 ᠠᠴᠠ 8  ᠤ ᠡᠳᠦᠷ ᠪᠣᠯᠲᠠᠯ᠎ᠠ ᠴᠢᠶᠠᠨ ᠶᠢᠨ ᠭᠧᠦ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠡᠯ᠎ᠡ ᠲᠣᠰᠬᠤᠨ᠂ ᠡᠯ᠎ᠡ ᠬᠦᠷᠢᠶᠡᠯᠡᠩ ᠲᠣᠭᠤᠷᠢᠭ ᠲᠤ ᠬᠦᠨᠵᠡᠬᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠪᠠᠶᠢᠴᠠᠭᠠᠨ ᠵᠢᠯᠤᠭᠤᠳᠴᠠᠢ᠃  ᠤᠳᠤᠷᠢᠳᠤᠯᠭ᠎ᠠ ᠨᠠᠷ   ᠡᠯ᠎ᠡ ᠲᠣᠰᠬᠤᠨ᠂ ᠡᠯ᠎ᠡ ᠬᠦᠷᠢᠶᠡᠯᠡᠩ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ  ᠱᠠᠭᠠᠷᠳᠠᠨ ᠪᠠᠶᠢᠴᠠᠭᠠᠭᠰᠠᠨ ᠪᠥᠭᠡᠳ ᠭᠤᠣᠯᠳᠠᠯᠭ᠎ᠠ ᠲᠠᠢ ᠬᠥᠮᠥᠰ ᠤᠨ  ᠬᠠᠮᠢᠶᠠᠷᠤᠯᠳᠠ   ᠶᠢᠨ ᠲᠤᠬᠠᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠬᠦᠷᠢᠶᠡᠯᠡᠩ ᠲᠣᠭᠤᠷᠢᠭ ᠤᠨ ᠡᠳᠦᠷ ᠲᠤᠲᠤᠮ ᠤᠨ ᠬᠠᠮᠢᠶᠠᠷᠤᠯᠲᠠ᠂  ᠠᠷᠢᠭᠤᠳᠬᠠᠯ ᠬᠢᠬᠦ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ ᠃  ᠪᠠᠶᠢᠴᠠᠭᠠᠨ ᠵᠢᠯᠤᠭᠤᠳᠬᠤ ᠶᠠᠪᠤᠴᠠ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠹᠧᠩ ᠦ᠋ ᠱᠠᠭᠠᠷᠳᠠᠬᠤ ᠳᠠᠭᠠᠨ᠂ ᠡᠯ᠎ᠡ ᠲᠤᠰᠬᠤᠨ ᠤ ᠬᠢᠨ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠭᠤᠣᠯᠳᠠᠯᠭ᠎ᠠ ᠲᠠᠢ ᠭᠠᠵᠠᠷ ᠣᠷᠣᠨ ᠠᠴᠠ ᠢᠷᠡᠭᠰᠡᠨ ᠬᠥᠮᠥᠰ   ᠢ ᠪᠠᠶᠢᠴᠠᠭᠠᠵᠤ ᠲᠠᠩᠰᠠᠯᠠᠬᠤ ᠪᠠ ᠬᠠᠮᠢᠶᠠᠷᠤᠨ ᠡᠵᠡᠮᠳᠡᠬᠦ ᠠᠷᠭ᠎ᠠ ᠲᠦᠷᠢᠮ ᠢ ᠪᠦᠬᠦ ᠲᠠᠯ᠎ᠠ ᠪᠠᠷ ᠴᠢᠩᠭ᠎ᠠ  ᠨᠠᠶᠢᠳᠠᠪᠤᠷᠢᠵᠢᠭᠤᠯᠤᠨ  ᠂ ᠨᠢᠭᠡ ᠬᠥᠮᠥᠨ   ᠢ ᠴᠦ  ᠭᠡᠭᠡᠭᠳᠡᠬᠦᠯᠵᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠡᠯ᠎ᠡ ᠬᠦᠷᠢᠶᠡᠯᠡᠩ ᠲᠣᠭᠤᠷᠢᠭ ᠨᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠴᠢᠩᠭ᠎ᠠ ᠰᠠᠬᠢᠵᠤ᠂  ᠠᠵᠢᠯᠴᠢᠳ ᠤᠨ   ᠢᠶᠠᠨ ᠠᠵᠢᠯ ᠤᠨ ᠡᠮᠬᠢ ᠳᠢᠭᠯᠢᠮ ᠢ ᠰᠠᠶᠢᠲᠤᠷ ᠪᠠᠲᠤᠯᠠᠬᠤ ᠪᠠᠷ ᠪᠠᠷᠠᠬᠤ ᠦᠭᠡᠢ ᠪᠠᠰᠠ ᠬᠦᠷᠢᠶᠡᠯᠡᠩ ᠲᠣᠭᠤᠷᠢᠭ ᠲᠠᠬᠢ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠵᠦᠢᠯ ᠤᠨ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃  ᠬᠢᠵᠢᠭ ᠤᠨ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠭ᠎ᠠ ᠪᠤᠯᠬᠤᠷ᠂ ᠪᠠᠯᠭᠠᠰᠤ ᠲᠠᠶᠠᠭᠠᠷ  ᠮᠢᠨᠴᠦᠬᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠠᠵᠠ ᠬᠠᠷᠠᠬᠤ ᠪᠤᠳᠤᠯ ᠰᠡᠳᠬᠢᠯᠭᠡ ᠶᠢ ᠡᠷᠡᠰ ᠲᠡᠪᠴᠢᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠲᠦᠷᠦᠯ ᠤᠨ ᠠᠵᠢᠯ ᠢ ᠴᠢᠩᠭ᠎ᠠ ᠠᠳᠬᠤᠵᠤ᠂ ᠲᠣᠰ ᠡᠭᠡᠯᠵᠢ ᠶᠢᠨ ᠬᠢᠵᠢᠭ  ᠰᠡᠷᠭᠡᠶᠢᠯᠡᠬᠦ ᠲᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃  ᠪᠠᠯᠭᠠᠰᠤᠨ ᠤ ᠺᠠᠳ᠋ᠷ ᠠᠵᠢᠯᠳᠠᠨ ᠪᠣᠯᠣᠨ ᠲᠣᠰᠬᠤᠨ ᠤ ᠤᠳᠤᠷᠢᠳᠬᠤ ᠪᠠᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠬᠢᠵᠢᠭ  ᠰᠡᠷᠭᠡᠶᠢᠯᠡᠬᠦ ᠳᠠᠶᠢᠯᠠᠯᠳᠤᠭᠠᠨ ᠤ ᠢᠯᠠᠯᠲᠠ ᠶᠢ ᠣᠯᠬᠤ ᠶᠠᠪᠤᠴᠠ ᠳᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号