ᠪᠤᠤᠴᠠᠩ ᠪᠠᠯᠭᠠᠰᠤ ᠬᠢᠵᠢᠭ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2022/9/10
  9 ᠰᠠᠷ᠎ᠠ ᠶᠢᠨ 6 ᠤ ᠡᠳᠦᠷ  ᠂ ᠪᠤᠤᠴᠠᠩ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠳᠤ ᠵᠠᠳᠠᠯᠤᠯᠲᠠ ᠬᠢᠵᠦ᠂ ᠳᠡᠭᠡᠳᠦ ᠱᠠᠲᠤᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠢ ᠤᠯᠠᠮᠵᠢᠯᠠᠨ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠡᠷᠬᠢᠯᠵᠦ ᠶᠠᠷᠢᠶ᠎ᠠ ᠲᠠᠯᠪᠢᠬᠤ ᠳᠠᠭᠠᠨ᠂ ᠨᠢᠭᠡ ᠳᠤ ᠣᠳᠣᠬᠠᠨ ᠤ ᠬᠢᠵᠢᠭ ᠤᠨ ᠪᠠᠶᠢᠳᠠᠯ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠶᠢᠭ᠎ᠠ ᠪᠤᠯᠬᠤᠷ ᠡᠯ᠎ᠡ ᠲᠣᠰᠬᠤᠨ ᠤ ᠬᠢᠨ ᠮᠢᠨᠴᠦᠭᠦᠷᠡᠬᠦ ᠦᠵᠡᠯ  ᠬᠠᠯᠠᠰᠢᠷᠠᠬᠤ ᠪᠤᠳᠤᠯ ᠢ ᠡᠷᠡᠰ ᠲᠡᠪᠴᠢᠨ᠂ ᠳᠡᠭᠡᠳᠦ ᠱᠠᠲᠤᠨ ᠤ  ᠬᠠᠮᠤᠭ ᠤᠨ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠮᠦᠷᠳᠡᠭᠡᠨ ᠨᠠᠷᠢᠯᠢᠭ ᠠᠳᠬᠤᠨ᠂  ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ  ᠴᠤᠭᠴᠠᠯᠠᠬᠤ ᠬᠡᠷᠡᠭᠲᠡᠢ᠃ ᠬᠤᠶᠠᠷ ᠲᠤ  ᠤᠳᠤ ᠶᠠᠭ ᠨᠠᠮᠤᠷ ᠤᠨ ᠬᠤᠷᠢᠶᠠᠯᠲᠠ ᠶᠢᠨ ᠴᠠᠭ ᠪᠣᠯᠵᠤ  ᠪᠠᠶᠢᠭ᠎ᠠ ᠪᠤᠯᠬᠤᠷ ᠂ ᠡᠯ᠎ᠡ ᠲᠣᠰᠬᠤᠨ ᠤ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂  ᠭᠤᠤᠯᠳᠠᠯᠭ᠎ᠠ ᠲᠠᠢ ᠭᠤᠭᠴᠤᠭ᠎ᠠ ᠶᠢ ᠢᠯᠡᠬᠦᠦ ᠠᠩᠬᠠᠷᠤᠨ᠂  ᠪᠠᠶᠢᠴᠠᠭᠠᠯᠳᠠ  ᠶᠢᠨ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠠᠷᠢᠯᠭᠠᠬᠤ ᠬᠡᠷᠡᠭᠲᠡᠢ᠃ ᠭᠤᠷᠪᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠪᠤᠯᠬᠤᠷ᠂ ᠡᠯ᠎ᠡ ᠲᠣᠰᠬᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ  ᠲᠡᠭᠡᠭᠰᠢᠯᠡᠬᠦᠯᠦᠨ᠂  ᠵᠥᠷᠢᠴᠡᠯ ᠵᠢᠭᠤᠷᠠᠭᠠᠨ  ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭ᠎ᠠ ᠮᠦᠷᠳᠡᠭᠡᠨ  ᠪᠣᠳᠠᠲᠠᠢ ᠠᠳᠬᠤᠵᠤ᠂ ᠲᠣᠰᠬᠤᠨ ᠤ ︽ᠬᠤᠶᠠᠷ ᠵᠥᠪᠯᠡᠯ︾  ᠪᠠ ᠴᠠᠭᠳᠠᠭᠠᠨ ᠤ ᠶᠠᠪᠤᠳᠠᠯ ᠤᠨ ᠲᠤᠰᠠᠯᠠᠭᠴᠢ ᠨᠢ ᠰᠠᠶᠢᠲᠤᠷ ᠬᠤᠯᠪᠤᠭᠠᠯᠠᠨ᠂  ᠵᠦᠷᠢᠴᠡᠯ ᠤᠨ ᠠᠰᠠᠭᠤᠳᠠᠯ ᠢ ᠤᠷᠢᠳᠴᠢᠯᠠᠨ ᠰᠢᠢᠳᠪᠦᠷᠢᠯᠡᠵᠦ᠂  ᠴᠤᠬᠤᠶᠢᠮᠠᠭᠴᠠ ᠰᠢᠢᠳᠪᠦᠷᠢᠯᠡᠵᠦ᠂ᠠᠮᠤᠷ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃  ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ ᠠᠴᠠ  ᠂ ᠡᠯ᠎ᠡ ᠭᠠᠴᠠᠭᠠᠨ ᠤ ᠬᠢᠨ ︽ᠬᠤᠶᠠᠷ ᠵᠥᠪᠯᠡᠯ︾ ᠤᠨ ᠭᠡᠰᠢᠬᠦᠳ ᠪᠣᠯᠣᠨ ᠬᠤᠳᠠ ᠲᠤᠭᠤᠶᠢᠯᠠᠩ ᠤᠨ ᠳᠠᠷᠤᠭ᠎ᠠ ᠨᠠᠷ ᠢ ᠭᠦᠢᠴᠡᠳ ᠳᠠᠶᠢᠴᠢᠯᠠᠨ᠂ ᠭᠠᠳᠠᠨ᠎ᠠ   ᠠᠴᠠ ᠢᠷᠡᠭᠰᠡᠨ ᠬᠥᠮᠥᠰ ᠲᠤ  ᠪᠦᠬᠦ ᠲᠠᠯ᠎ᠠ  ᠶᠢᠨ ᠪᠠᠶᠢᠴᠠᠭᠠᠯᠲᠠ ᠬᠢᠵᠦ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ  ᠶᠢ ᠦᠨᠡᠨᠬᠦ ᠪᠠᠲᠤᠯᠠᠬᠤ ᠬᠡᠷᠡᠭᠲᠡᠢ᠃᡽ ᠪᠢᠲᠡᠭᠦᠮᠵᠢᠯᠡᠨ  ᠬᠠᠮᠢᠶᠠᠷᠬᠤ ᠠᠵᠢᠯ ᠢ  ᠰᠠᠶᠢᠨ ᠬᠢᠵᠦ᠂  ᠬᠥᠷᠰᠢ ᠵᠠᠭᠤᠷ᠎ᠠ  ᠶᠢᠨ ᠬᠢᠨᠠᠯᠳᠠ ᠲᠠᠯᠪᠢᠬᠤ ᠦᠢᠯᠡᠳᠦᠯ  ᠢ ᠭᠦᠢᠴᠡᠳ ᠪᠠᠳᠠᠷᠠᠭᠤᠯᠤᠨ᠂ ᠭᠡᠷ  ᠲᠡᠭᠡᠨ ᠲᠤᠰᠠᠭᠠᠷᠯᠠᠭᠰᠠᠨ ᠡᠷᠦᠬᠡ  ᠶᠢᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃   ᠠᠷᠢᠭᠤᠳᠬᠠᠨ ᠴᠡᠪᠡᠷᠯᠡᠬᠦ ᠠᠵᠢᠯ ᠢ ᠰᠠᠶᠢᠨ ᠬᠢᠵᠦ᠂ ᠲᠣᠰᠬᠤᠨ ᠤ ᠳᠡᠯᠭᠡᠭᠦᠷ ᠬᠤᠳᠠᠯᠳᠤᠭ᠎ᠠ᠂ ᠬᠦᠷᠢᠶᠡᠯᠡᠩ ᠲᠣᠭᠤᠷᠢᠭ ᠨᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂  ᠬᠠᠮᠢᠶ᠎ᠠ ᠪᠦᠬᠦᠢ ᠲᠠᠯᠠᠪᠤᠷ ᠢᠶᠠᠨ ᠲᠣᠭᠲᠠᠭᠰᠠᠨ ᠬᠤᠭᠤᠴᠠᠭ᠎ᠠ ᠲᠠᠢ ᠪᠠᠷ  ᠠᠷᠢᠭᠤᠳᠬᠠᠨ ᠴᠡᠪᠡᠷᠯᠡᠬᠦ ᠬᠡᠷᠡᠭᠲᠡᠢ᠃  ᠪᠦᠭᠡᠮ ᠬᠦᠴᠢᠯ ᠤᠨ ᠪᠠᠶᠢᠴᠠᠭᠠᠯᠳᠠ ᠶᠢᠨ ᠰᠣᠷᠢᠯᠲᠠ ᠶᠢ ᠰᠠᠶᠢᠨ ᠬᠢᠵᠦ᠂ ᠪᠠᠶᠢᠴᠠᠭᠠᠯᠳᠠ ᠶᠢᠨ ᠴᠡᠭ ᠢ  ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠡᠯ᠎ᠡ ᠣᠷᠣᠨ ᠪᠦᠰᠡ ᠶᠢᠨ ᠬᠤᠪᠢᠶᠠᠷᠢᠯᠠᠯ ᠢ ᠲᠣᠳᠣᠷᠬᠠᠢ ᠪᠤᠯᠭᠠᠨ᠂  ᠠᠵᠢᠯ ᠤᠨ ᠬᠤᠪᠢᠶᠠᠷᠢᠯᠠᠯ ᠢ ᠲᠣᠳᠣᠷᠬᠠᠢ ᠪᠣᠯᠭᠠᠵᠤ᠂ ᠰᠣᠷᠢᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂  ᠲᠤᠰᠬᠤᠨ ᠤ ᠨᠠᠮ ᠤᠨ ᠡᠭᠦᠷ ᠤᠨ ᠱᠦᠵᠢ ︵ ᠠᠷᠠᠳ ᠤᠨ ᠵᠥᠪᠯᠡᠯ ᠤᠨ ᠡᠷᠬᠢᠯᠡᠭᠴᠢ︶ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号