ᠯᠦᠸᠧ ᠲᠦᠸᠧ ᠱᠠᠨ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2022/9/10
    ᠬᠢᠵᠢᠭ ᠰᠡᠷᠭᠡᠶᠢᠯᠡᠬᠦ ᠠᠵᠢᠯ ᠤᠨ ᠡᠷᠴᠢᠮ ᠢᠶᠠᠨ ᠤᠯᠠᠮ ᠴᠢᠩᠭᠠᠷᠠᠭᠤᠯᠵᠤ᠂  ᠰᠡᠷᠭᠡᠶᠢᠯᠡᠨ ᠡᠵᠡᠮᠳᠡᠬᠦ  ᠲᠤᠤᠷ ᠢ ᠨᠢᠬᠳᠠ ᠪᠠᠳᠤ ᠰᠦᠯᠵᠢᠬᠦ ᠶᠢᠨ ᠲᠥᠯᠥᠭᠡ᠂ 9 ᠰᠠᠷ᠎ᠠ ᠶᠢᠨ 9 ᠤ ᠡᠳᠦᠷ ᠯᠥᠸᠧ ᠲᠦᠸᠧ ᠱᠠᠨ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠨᠢ ᠳᠤᠭᠤᠶᠢᠯᠠᠩ ᠬᠤᠪᠢᠶᠠᠵᠤ ᠡᠯ᠎ᠡ ᠲᠣᠰᠬᠤᠨ ᠳᠤ ᠬᠦᠨᠵᠡᠬᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠰᠬᠠᠢ ᠪᠠᠶᠢᠴᠠᠭᠠᠯᠲᠠ ᠥᠷᠨᠢᠭᠦᠯᠦᠭᠰᠡᠨ ᠤ ᠬᠠᠮᠳᠤ ︽S304︾ ᠱᠤᠭᠤᠮ ᠪᠣᠯᠣᠨ ᠾᠧᠢ ᠴᠧᠩ ᠽᠢ ᠶᠢᠨ ᠠᠭᠤᠯᠵᠠᠷ ᠲᠠᠬᠢ ᠪᠠᠶᠢᠴᠠᠭᠠᠯᠳᠠ ᠶᠢᠨ ᠴᠡᠭ ᠤᠨ ᠠᠵᠢᠯᠲᠠᠳ ᠢ ᠬᠠᠯᠠᠮᠵᠢᠯᠠᠨ ᠲᠤᠬᠤᠨᠢᠭᠤᠯᠤᠭᠰᠠᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ ᠯᠠᠪᠯᠠᠨ ᠠᠰᠠᠭᠤᠬᠤ ᠪᠠ ᠲᠠᠩᠰᠠ ᠡᠪᠬᠡᠮᠡᠯ ᠢ ᠪᠠᠶᠢᠴᠠᠭᠠᠨ ᠦᠵᠡᠬᠦ  ᠬᠡᠯᠪᠡᠷᠢ ᠪᠠᠷ ᠡᠯ᠎ᠡ ᠲᠣᠰᠬᠤᠨ ᠤ ᠢᠷᠡᠵᠦ ᠶᠠᠪᠤᠬᠤ ᠬᠥᠮᠥᠰ ᠤᠨ  ᠮᠡᠳᠡᠭᠡ ᠵᠠᠩᠭᠢ ᠶᠢᠨ ᠳᠠᠩᠰᠠᠯᠠᠯᠲᠠ ᠶᠢᠨ ᠪᠠᠶᠢᠳᠠᠯ ᠢ ᠪᠠᠶᠢᠴᠠᠭᠠᠭᠰᠠᠨ ᠤ ᠬᠠᠮᠲᠤ᠂ ᠰᠢᠯᠢ ᠶᠢᠨ ᠬᠤᠳᠠ ᠠᠴᠠ ᠪᠤᠴᠠᠵᠤ ᠢᠷᠡᠭᠰᠡᠨ ᠬᠥᠮᠥᠰ  ᠤᠨ ᠰᠡᠷᠭᠡᠶᠢᠯᠡᠨ ᠡᠵᠡᠮᠳᠡᠬᠦ  ᠠᠵᠢᠯ ᠤᠨ ᠲᠤᠬᠠᠢ ᠭᠤᠣᠯᠳᠠᠯᠭ᠎ᠠ ᠲᠠᠢ ᠪᠠᠷ ᠲᠣᠬᠢᠷᠠᠭᠤᠯᠤᠨ ᠪᠠᠶᠢᠷᠢᠯᠠᠭᠤᠯᠪᠠ᠃ ᠲᠠᠷᠠᠭᠠᠴᠢ ᠶᠢᠨ ᠠᠯᠬᠤᠮ ᠳᠤ᠂  ᠲᠤᠰ ᠪᠠᠯᠭᠠᠰᠤ  ᠨᠢ ︽ ᠠᠶᠢᠯ᠎ᠠ ᠡᠷᠦᠬᠡ ᠪᠦᠬᠦᠨ ᠢ ᠬᠠᠮᠤᠷᠬᠤ᠂ ᠮᠡᠳᠡᠭᠡ ᠵᠠᠩᠭᠢ ᠪᠦᠬᠦᠨ ᠢ ᠴᠤᠭᠯᠠᠭᠤᠯᠬᠤ︾ ᠠᠵᠢᠯ ᠤᠨ ᠠᠷᠭ᠎ᠠ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂  ᠠᠷᠠᠳ ᠢᠷᠭᠡᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠰᠠᠶᠢᠲᠤᠷ  ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号