ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2022/9/12
 9 ᠰᠠᠷ᠎ᠠ ᠶᠢᠨ 9  ᠤ ᠡᠳᠦᠷ᠂ ᠯᠥᠸᠧ ᠲᠦᠸᠧ ᠱᠠᠨ  ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ   ᠤᠨ ᠬᠠᠮᠳᠤ ᠶᠢᠨ ᠰᠤᠷᠤᠯᠴᠠᠯᠭ᠎ᠠ ᠶᠠᠪᠤᠭᠳᠠᠵᠤ᠂ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠡᠷᠬᠢᠯᠡᠨ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠬᠤᠷᠠᠯ ᠳᠤ ᠣᠷᠣᠯᠴᠠᠵᠠᠢ᠃ ᠪᠠᠭᠠᠲᠤᠷ ᠶᠠᠷᠢᠶᠠᠨ ᠳᠠᠭᠠᠨ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠡᠷᠭᠡᠪᠰᠢ ︽ᠰᠢᠯᠢ ᠶᠢᠨ ᠭᠤᠣᠯ ᠠᠶᠢᠮᠠᠭ ᠤᠨ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠤᠷᠤᠯᠴᠠᠯᠭ᠎ᠠ ᠶᠢᠨ ᠮᠠᠲ᠋ᠧᠷᠢᠶᠠᠯ ᠤᠨ ᠡᠮᠬᠢᠳᠬᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾ ᠵᠡᠷᠭᠡ ᠲᠠᠢ ᠨᠠᠷᠢᠨ ᠬᠢᠨᠠᠮᠠᠭᠠᠢ ᠬᠠᠷᠢᠴᠠᠭᠤᠯᠤᠨ ᠰᠤᠷᠤᠯᠴᠠᠬᠤ ᠶᠢᠨ ᠬᠠᠮᠲᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ  ᠲᠦᠷᠦᠯ ᠤᠨ ᠠᠵᠢᠯ ᠢᠶᠠᠨ ᠴᠢᠩᠭ᠎ᠠ ᠮᠦᠷᠳᠡᠭᠡᠨ ᠪᠣᠳᠠᠲᠠᠢ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ︽ᠰᠢᠯᠢ ᠶᠢᠨ ᠭᠤᠣᠯ ᠠᠶᠢᠮᠠᠭ ᠤᠨ ᠦᠨᠳᠦᠰᠦᠨ ᠱᠠᠲᠤᠨ ᠤ ᠬᠠᠮᠢᠶᠠᠷᠤᠯᠲᠠ ᠶᠢᠨ  ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠤᠷᠤᠯᠴᠠᠯᠭ᠎ᠠ ᠶᠢᠨ ᠮᠠᠲ᠋ᠧᠷᠢᠶᠠᠯ ᠤᠨ ᠡᠮᠬᠢᠳᠬᠡᠯ︾᠂ ︽ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2022 ᠣᠨ ᠤ ᠠᠵᠢᠯ ᠤᠨ ᠭᠤᠣᠯᠳᠠᠯᠭ᠎ᠠ︾᠂ ︽ ᠲᠠᠶᠢᠹᠦᠰᠧ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2022 ᠣᠨ ᠤ ᠠᠵᠢᠯ ᠤᠨ ᠭᠤᠣᠯᠳᠠᠯᠭ᠎ᠠ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾  ᠢ  ᠭᠤᠤᠯᠳᠠᠯᠭ᠎ᠠ ᠲᠠᠢ ᠰᠤᠷᠤᠯᠴᠠᠭᠰᠠᠨ ᠤ ᠬᠠᠮᠲᠤ᠂ ᠣᠳᠣᠬᠠᠨ ᠤ ᠪᠠᠶᠢᠳᠠᠯ   ᠢ ᠦᠨᠳᠦᠰᠦᠯᠡᠨ ᠬᠢᠵᠢᠭ ᠤᠨ ᠪᠠᠶᠢᠳᠠᠯ   ᠢ ᠰᠡᠷᠭᠡᠶᠢᠯᠡᠨ  ᠡᠵᠡᠮᠳᠡᠬᠦ ᠠᠵᠢᠯ ᠳᠤ ᠲᠠᠬᠢᠨ ᠪᠠᠶᠢᠷᠢᠯᠠᠭᠤᠯᠤᠯᠳᠠ ᠬᠢᠵᠡᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号