ᠲᠠᠶᠢᠹᠤᠰᠧ ᠬᠤᠰᠢᠭᠤ ᠬᠢᠵᠢᠭ  ᠰᠡᠷᠭᠡᠶᠢᠯᠡᠯᠳᠡ᠂ ᠠᠶᠤᠯᠭᠦᠢ ᠦᠢᠯᠡᠳᠪᠦᠷᠢᠯᠡᠯ᠂ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/13
 9 ᠰᠠᠷ᠎ᠠ ᠶᠢᠨ 11 ᠤ ᠡᠳᠦᠷ᠂ ᠲᠠᠶᠢᠹᠤᠰᠧ ᠬᠤᠰᠢᠭᠤ ᠬᠢᠵᠢᠭ  ᠰᠡᠷᠭᠡᠶᠢᠯᠡᠯᠳᠡ᠂ ᠠᠶᠤᠯᠭᠦᠢ ᠦᠢᠯᠡᠳᠪᠦᠷᠢᠯᠡᠬᠦ᠂ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠣᠳᠣᠬᠠᠨ ᠤ ᠪᠠᠶᠢᠳᠠᠯ ᠳᠤ ᠵᠠᠳᠠᠯᠤᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠡᠮ ᠰᠣᠭᠤᠭ ᠲᠤ ᠬᠠᠨᠳᠤᠭᠤᠯᠤᠨ᠂  ᠬᠠᠮᠢᠶ᠎ᠠ ᠪᠦᠬᠦᠢ ᠠᠵᠢᠯ ᠢ ᠲᠠᠬᠢᠨᠳᠠ ᠲᠣᠬᠢᠷᠠᠭᠤᠯᠤᠨ  ᠪᠠᠶᠢᠷᠢᠯᠠᠭᠤᠯᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠡᠷᠭᠢᠯᠡᠪᠡ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠪᠠᠷ ᠪᠠᠶᠢᠵᠤ᠂ ᠬᠢᠵᠢᠭ  ᠰᠡᠷᠭᠡᠶᠢᠯᠡᠯᠳᠡ  ᠂ ᠠᠶᠤᠯᠭᠦᠢ ᠦᠢᠯᠡᠳᠪᠦᠷᠢᠯᠡᠯ  ᠵᠢᠴᠢ ᠲᠣᠭᠲᠠᠭᠤᠨ ᠢ ᠬᠠᠮᠠᠭᠠᠯᠠᠬᠤ ᠠᠵᠢᠯ  ᠪᠣᠯ ᠣᠳᠣᠬᠠᠨ ᠤ ᠬᠠᠮᠤᠭ ᠤᠨ ᠭᠤᠤᠯ ᠠᠵᠢᠯ᠂  ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃  ᠬᠤᠰᠢᠭᠤ ᠲᠠᠶᠠᠭᠠᠷ ᠡᠷᠭᠡᠪᠰᠢ ᠣᠳᠣᠬᠠᠨ ᠤ ᠡᠪᠡᠳᠴᠢᠨ ᠬᠢᠵᠢᠭ ᠤᠨ  ᠬᠦᠨᠳᠦ ᠬᠡᠴᠡᠭᠦᠦ ᠪᠠᠶᠢᠳᠠᠯ ᠢ ᠭᠦᠨᠵᠡᠭᠡᠢ ᠲᠠᠨᠢᠵᠤ᠂ ᠡᠯ᠎ᠡ ᠲᠦᠷᠦᠯ ᠤᠨ ᠠᠷᠭ᠎ᠠ ᠪᠤᠳᠤᠯᠭ᠎ᠠ ᠶᠢ ᠨᠠᠷᠢᠨ ᠨᠠᠶᠢᠳᠠᠪᠤᠷᠢᠵᠢᠭᠤᠯᠤᠨ᠂ ᠠᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠤᠯᠭᠠᠨ᠂  ᠠᠵᠢᠯ  ᠤᠨ ᠬᠠᠮᠳᠤᠷᠠᠯ  ᠬᠦᠴᠦᠨ ᠢ ᠨᠢᠭᠲᠠᠷᠠᠭᠤᠯᠵᠤ᠂  ᠰᠡᠷᠭᠡᠶᠢᠯᠡᠨ ᠡᠵᠡᠮᠳᠡᠬᠦ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠠᠮᠤᠷ ᠲᠣᠭᠲᠠᠭᠤᠨ   ᠢ ᠬᠠᠮᠠᠭᠠᠯᠠᠬᠤ ᠡᠨᠡᠬᠦ ᠬᠥᠪᠴᠢ   ᠶᠢ ᠡᠷᠡᠰ ᠴᠢᠩᠭᠠᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠴᠢᠩᠭ᠎ᠠ ᠠᠷᠭ᠎ᠠ ᠪᠠᠷ ᠨᠡᠶᠢᠭᠡᠮ ᠤᠨ ᠶᠡᠭᠡ ᠲᠠᠯ᠎ᠠ   ᠶᠢᠨ ᠲᠣᠭᠲᠠᠭᠤᠨ   ᠢ ᠪᠠᠲᠤᠯᠠᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾  ᠵᠢᠴᠢ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠣᠯᠣᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠠᠷᠢᠭᠤᠴᠠᠯᠭ᠎ᠠ ᠶᠢᠨ ᠲᠣᠣᠷ︾ ᠢ ᠨᠢᠭᠲᠠ ᠪᠠᠳᠤ ᠰᠦᠯᠵᠢᠨ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂  ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠠᠴᠠ ᠬᠢᠵᠢᠭ ᠰᠡᠷᠭᠡᠶᠢᠯᠡᠯᠳᠡ᠂ ᠠᠶᠤᠯᠭᠦᠢ ᠦᠢᠯᠡᠳᠪᠦᠷᠢᠯᠡᠯ᠂ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠭᠰᠡᠨ ᠪᠦᠭᠡᠳ᠂ ᠬᠤᠰᠢᠭᠤᠨ ᠤ ᠤᠳᠤᠷᠢᠳᠤᠯᠭ᠎ᠠ ᠶᠢᠨ ᠶᠦᠩ ᠾᠧ᠂ ᠯᠢ ᠴᠦᠨ ᠭᠤᠸᠠᠩ᠂ ᠳ᠋ᠦ᠋ ᠸᠧᠢ᠂ ᠸᠠᠩ ᠵᠢᠦᠢ ᠰᠢ᠂ ᠡᠷᠳᠡᠨᠢᠪᠠᠭᠠᠳᠤᠷ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠤᠪᠴᠢᠶᠠᠨ ᠤ ᠬᠠᠷᠢᠭᠤᠴᠠᠯᠭᠠᠲᠠᠨ ᠠᠴᠠ ᠬᠠᠮᠢᠶ᠎ᠠ ᠪᠦᠬᠦᠢ ᠠᠵᠢᠯ ᠢᠶᠠᠨ ᠬᠠᠷᠢᠭᠤ ᠮᠡᠳᠡᠭᠦᠯᠪᠡ᠃ ᠬᠤᠰᠢᠭᠤᠨ ᠤ ᠤᠳᠤᠷᠢᠳᠤᠯᠭ᠎ᠠ ᠯᠢ ᠵᠠᠨ ᠷᠦᠢ᠂ ᠸᠠᠩ ᠸᠧᠢ ᠬᠤᠩ᠂ ᠰᠢᠶᠧ ᠶᠢᠨ ᠳ᠋ᠦᠩ᠂ ᠮᠠ ᠷᠦᠢ ᠮᠠᠨ᠂ ᠬᠡᠰᠢᠭᠲᠦ᠂ ᠰᠡᠴᠡᠨᠴᠣᠭᠲᠤ᠂ ᠵᠣᠣ ᠬᠠᠢ ᠯᠢ ᠵᠢᠴᠢ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ  ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号