ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2022/9/14
  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ  ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ  ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠠᠭᠠᠷ ᠤᠨ ᠰᠡᠷᠭᠡᠶᠢᠯᠡᠯᠲᠡ ᠶᠢᠨ ᠲᠤᠬᠠᠢ ᠠᠷᠠᠳ ᠣᠯᠠᠨ ᠤ ᠤᠬᠠᠮᠰᠠᠷ ᠲᠠᠨᠢᠯᠳᠠ ᠶᠢ ᠲᠡᠭᠡᠭᠰᠢᠯᠡᠬᠦᠯᠬᠦ ᠶᠢᠨ ᠲᠤᠰᠠᠳᠠ᠂  ᠪᠦᠬᠦ ᠤᠷᠤᠨ ᠤ ︽9.18︾   ᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠱᠠᠭᠠᠷᠳᠠᠯᠭ᠎ᠠ   ᠶᠢ ᠦᠨᠳᠦᠰᠦᠯᠡᠨ᠂  ᠬᠤᠰᠢᠭᠤ ᠵᠠᠰᠠᠭ ᠤᠨ ᠣᠷᠳᠣᠨ ᠠᠴᠠ ᠪᠣᠤᠴᠠᠩ ᠪᠠᠯᠭᠠᠰᠤᠨ ᠤ ᠬᠤᠲᠠ ᠶᠢᠨ ᠲᠣᠭᠤᠷᠢᠭ ᠲᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠪᠠᠷ  ᠲᠤᠭᠳᠠᠭᠠᠳ᠂  ᠡᠳᠦᠭᠡ  ᠬᠤᠯᠪᠤᠭᠳᠠᠬᠤ ᠤᠴᠢᠷ ᠢ ᠲᠤᠤᠷᠠᠬᠢ ᠮᠡᠳᠦ ᠮᠡᠳᠡᠭᠳᠡᠵᠦ ᠪᠠᠶᠢᠨᠠᠮ᠄     ᠨᠢᠭᠡ᠂ ᠲᠤᠷᠰᠢᠨ ᠲᠤᠤᠭᠠᠷᠭᠠᠬᠤ ᠴᠠᠭ  ᠄  9 ᠰᠠᠷ᠎ᠠ ᠶᠢᠨ 18 ᠤ ᠡᠳᠦᠷ   ᠤᠨ ᠦᠳᠡ ᠶᠢᠨ ᠡᠮᠦᠨᠡᠬᠢ 9᠄ 30 ᠠᠴᠠ 11᠄ 30   ᠤᠨ ᠬᠤᠭᠤᠷᠣᠨᠳᠣ᠃    ᠬᠤᠶᠠᠷ᠂ ᠲᠤᠷᠰᠢᠨ ᠳᠤᠤᠭᠠᠷᠭᠠᠬᠤ ᠬᠡᠪᠴᠢᠶ᠎ᠡ᠄ ᠵᠠᠰᠠᠭ ᠵᠠᠬᠢᠷᠭᠠᠨ ᠤ ᠠᠯᠪᠠᠨ ᠠᠰᠠᠷ᠂ ᠪᠸᠢ ᠳ᠋ᠸᠦ ᠰᠢᠨ ᠪᠠᠭᠤᠳᠠᠯ᠂ ᠬᠤᠶ ᠲᠦᠩ  ᠴᠢᠯᠦᠬᠡᠳᠦ ᠲᠡᠯᠬᠡᠬᠦᠷ᠂  ᠲᠠᠯ᠎ᠠ ᠨᠤᠲᠤᠭ ᠠᠷᠢᠬᠢᠨ ᠦᠢᠯᠡᠳᠪᠦᠷᠢ ︵ᠬᠠᠭᠤᠴᠢᠨ ᠲᠤᠭᠤᠷᠢᠭ︶᠂ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂  ᠭᠤᠷᠪᠠᠳᠤᠭᠠᠷ ᠳᠤᠮᠳᠠᠳᠤ ᠰᠤᠷᠭᠠᠭᠤᠯᠢ᠂  ᠳᠥᠷᠪᠡᠳᠦᠭᠡᠷ ᠳᠤᠮᠳᠠᠳᠤ ᠰᠤᠷᠭᠠᠭᠤᠯᠢ᠂ ᠬᠤᠰᠢᠭᠤ ᠡᠮᠨᠡᠯᠭᠡ ᠶᠢᠨ ᠬᠤᠷᠢᠶ᠎ᠠ᠂ ᠤᠤᠯ  ᠤᠨ ᠴᠠᠬᠢᠯᠭᠠᠨ ᠬᠠᠩᠭᠠᠬᠤ ᠲᠣᠪᠴᠢᠶ᠎ᠠ᠂  ᠰᠢᠩ ᠳ᠋ᠠ  ᠰᠠᠭᠤᠭᠠᠯᠢ ᠲᠤᠭᠤᠷᠢᠭ  ᠂  ᠪᠦᠸᠧ ᠷᠦᠢ ᠪᠡᠯᠡ ᠤᠷᠤᠭᠤᠯᠤᠯᠳᠠ ᠶᠢᠨ ᠺᠤᠮᠫᠠᠨᠢ᠂  ᠬᠢᠳᠠᠳ ᠮᠤᠩᠭᠤᠯ ᠡᠮᠨᠡᠯᠭᠡ ᠶᠢᠨ ᠬᠤᠷᠢᠶ᠎ᠠ᠂ ᠦᠷᠡᠭᠳᠡᠭᠰᠡᠨ ᠪᠠᠭᠠᠳᠤᠷᠴᠤᠳ ᠤᠨ ᠤᠩᠭᠤᠨ᠂  ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠲᠦᠪ᠂  ᠭᠠᠯ ᠤᠳᠠᠷᠠᠭᠠᠬᠤ  ᠶᠡᠭᠡ ᠠᠩᠬᠢ᠃    ᠭᠤᠷᠪᠠ᠂ ᠲᠤᠷᠰᠢᠨ ᠳᠤᠤᠭᠠᠷᠭᠠᠬᠤ ᠠᠷᠭ᠎ᠠ᠄    ᠤᠷᠢᠳᠴᠢᠯᠠᠨ ᠰᠡᠷᠡᠮᠵᠢᠯᠡᠬᠦᠯᠬᠦ  ᠄ 36 ᠰᠧᠺᠦ᠋ᠨᠳ᠋ ᠳᠤᠤᠭᠠᠷᠭᠠᠵᠤ᠂ 24  ᠰᠧᠺᠦ᠋ᠨᠳ᠋ ᠵᠤᠭᠰᠤᠭᠠᠨ᠎ᠠ᠂  ᠡᠨᠡ ᠮᠡᠳᠦ ᠪᠠᠷ 3 ᠤᠳᠠᠭ᠎ᠠ ᠲᠠᠪᠳᠠᠨ᠎ᠠ᠂  ᠨᠡᠶᠢᠳᠡ 3 ᠮᠢᠨᠦ᠋ᠲ᠃    ᠠᠭᠠᠷ ᠤᠨ ᠳᠠᠭᠠᠷᠢᠯᠲᠠ ᠶᠢ ᠰᠡᠷᠡᠮᠵᠢᠯᠡᠬᠦᠯᠬᠦ᠄ 6 ᠰᠧᠺᠦ᠋ᠨᠳ᠋ ᠳᠤᠤᠭᠠᠷᠭᠠᠵᠤ᠂ 6 ᠰᠧᠺᠦ᠋ᠨᠳ᠋ ᠵᠤᠭᠰᠤᠭᠠᠨ᠎ᠠ᠂  ᠡᠨᠡ ᠮᠡᠳᠦ ᠪᠠᠷ 15 ᠤᠳᠠᠭ᠎ᠠ  ᠲᠠᠪᠳᠠᠨ᠎ᠠ᠂ ᠨᠡᠶᠢᠳᠡ 3 ᠮᠢᠨᠦ᠋ᠲ᠃    ᠰᠡᠷᠡᠮᠵᠢ ᠶᠢᠨ ᠳᠣᠬᠢᠶ᠎ᠠ ᠲᠠᠭᠤᠰᠤᠭᠰᠠᠨ ᠢ ᠮᠡᠳᠡᠭᠳᠡᠬᠦ᠄  ᠵᠠᠯᠭᠠᠭ᠎ᠠ ᠪᠠᠷ 3 ᠮᠢᠨᠦ᠋ᠲ ᠳᠤᠤᠭᠠᠷᠭᠠᠨ᠎ᠠ᠃    ᠡᠨᠡ ᠤᠳᠠᠭᠠᠨ ᠤ ᠰᠡᠷᠡᠮᠵᠢ ᠶᠢᠨ ᠳᠣᠬᠢᠶ᠎ᠠ ᠶᠢ ᠪᠠᠴᠢᠮ ᠪᠤᠰᠤ ᠪᠠᠶᠢᠳᠠᠯ ᠳᠤ ᠲᠤᠷᠰᠢᠨ ᠲᠤᠤᠭᠠᠷᠭᠠᠵᠤ ᠪᠠᠶᠢᠭ᠎ᠠ ᠪᠤᠯᠬᠤᠷ ᠠᠷᠠᠳ ᠢᠷᠭᠡᠳ ᠠᠶᠤᠵᠤ ᠰᠠᠨᠳᠤᠷᠤᠭᠰᠠᠨ ᠤ ᠭᠡᠷᠡᠭ ᠦᠬᠡᠢ᠂ ᠬᠡᠪ ᠤᠨ ᠪᠠᠶᠢᠳᠠᠯ ᠢᠶᠠᠷ ᠢᠶᠠᠨ ᠶᠠᠪᠤᠵᠤ  ᠰᠠᠭᠤᠪᠠᠯ ᠪᠤᠯᠴᠢᠬᠠᠨ᠎ᠠ᠃  ᠬᠠᠮᠢᠶ᠎ᠠ ᠪᠦᠬᠦᠢ ᠰᠠᠯᠠᠭ᠎ᠠ ᠮᠦᠴᠢᠷ ᠨᠢ ᠤᠬᠠᠭᠤᠯᠭ᠎ᠠ ᠰᠤᠷᠳᠠᠯᠴᠢᠯᠠᠭ᠎ᠠ ᠶᠢ ᠰᠠᠶᠢᠨ ᠬᠢᠵᠦ ᠂  ᠠᠶᠢᠯ ᠡᠷᠦᠬᠡ ᠨᠢᠬᠡᠪᠦᠷᠢ ᠳᠤ ᠮᠡᠳᠡᠭᠳᠡᠨ᠂  ᠡᠨᠡᠬᠦ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠭᠡᠷᠡᠭᠳᠡᠢ᠃     ᠠᠰᠠᠭᠤᠨ ᠯᠠᠪᠯᠠᠬᠤ ᠤᠲᠠᠰᠤ᠄ 0479 - 2265505  ᠃     ᠲᠦᠷᠪᠡ᠂  ᠵᠠᠷᠯᠠᠯ ᠨᠡᠶᠢᠳᠡᠯᠡᠬᠦ ᠬᠤᠭᠤᠴᠠᠭ᠎ᠠ᠄  2022 ᠤᠨ ᠤ 9 ᠰᠠᠷ᠎ᠠ ᠶᠢᠨ 13 ᠤ ᠡᠳᠦᠷ ᠠᠴᠠ  17 ᠤ ᠡᠳᠦᠷ ᠬᠦᠷᠳᠡᠯ᠎ᠡ᠃                                      ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                     2021 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号