ᠶᠦᠩ ᠹᠧᠩ ᠪᠠᠯᠭᠠᠰᠤ ᠬᠢᠵᠢᠭ ᠰᠡᠷᠭᠡᠶᠢᠯᠡᠯᠳᠡ᠂ ᠠᠶᠤᠯᠭᠦᠢ ᠦᠢᠯᠡᠳᠪᠦᠷᠢᠯᠡᠯ᠂ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/14
9 ᠰᠠᠷ᠎ᠠ ᠶᠢᠨ 13 ᠤ ᠡᠳᠦᠷ ᠂ ᠶᠦᠩ ᠹᠧᠩ ᠪᠠᠯᠭᠠᠰᠤ ᠬᠢᠵᠢᠭ ᠰᠡᠷᠭᠡᠶᠢᠯᠡᠯᠳᠡ᠂ ᠠᠶᠤᠯᠭᠦᠢ ᠦᠢᠯᠡᠳᠪᠦᠷᠢᠯᠡᠯ᠂ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂  ᠬᠢᠵᠢᠭ ᠤᠨ ᠪᠠᠶᠢᠳᠠᠯ ᠢ  ᠴᠢᠨᠠᠭᠰᠢᠳᠠ ᠰᠤᠳᠤᠯᠤᠨ ᠮᠠᠭᠠᠳᠯᠠᠵᠤ᠂  ᠠᠵᠢᠯ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠵᠠᠩ ᠶᠦᠩ ᠯᠢ ᠬᠤᠷᠠᠯ   ᠢ  ᠡᠷᠬᠢᠯᠡᠵᠦ᠂ ᠪᠠᠯᠭᠠᠰᠤᠨ ᠤ ᠪᠥᠬᠦ ᠺᠠᠳ᠋ᠷ ᠠᠵᠢᠯᠲᠠᠨ  ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠳᠡᠳ᠋ ᠪᠠᠯᠭᠠᠰᠤᠨ ᠳᠠᠷᠤᠭ᠎ᠠ ᠸᠠᠩ ᠲᠧᠩ  ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠷᠢᠯᠠᠭᠤᠯᠤᠯᠳᠠ ᠬᠢᠬᠦ ᠳᠡᠭᠡᠨ᠂   ᠬᠠᠮᠳᠤᠷᠠᠭᠰᠠᠨ ᠨᠠᠮ ᠤᠨ ᠡᠭᠦᠷ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠪᠠ ᠲᠡᠬᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠵᠣᠬᠢᠶᠠᠨ ᠪᠠᠶᠢᠭᠤᠯᠤᠯᠲᠠ ᠠᠴᠠ ᠠᠳᠬᠤᠬᠤ᠂ ᠵᠠᠩᠭᠢᠯᠠᠭ᠎ᠠ ᠶᠢᠨ ᠴᠠᠭ ᠮᠥᠴᠡ ᠳᠤ ᠨᠠᠮ ᠤᠨ ᠭᠡᠰᠢᠭᠦᠨ ᠲᠤᠯᠭᠠᠭᠤᠷᠢ ᠪᠤᠯᠬᠤ   ᠶᠢ ᠪᠡᠶᠡᠯᠡᠬᠦᠯᠦᠨ᠂  ᠨᠠᠮ ᠤᠨ ᠲᠤᠭ ᠢ ᠬᠢᠵᠢᠭ  ᠰᠡᠷᠭᠡᠶᠢᠯᠡᠬᠦ ᠲᠠᠶᠢᠯᠠᠯᠳᠤᠭᠠᠨ ᠤ  ᠡᠮᠦᠨ᠎ᠡ ᠹᠷᠣᠨᠲ ᠲᠤ ᠥᠨᠳᠥᠷ ᠨᠠᠮᠢᠷᠠᠭᠤᠯᠬᠤ ᠭᠡᠷᠡᠭᠳᠡᠢ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠨᠠᠢᠮᠠᠨ ᠠᠵᠢᠯᠲᠠᠨ ᠤ ᠠᠵᠢᠯ ᠤᠨ ᠡᠭᠦᠷᠭᠡ ᠬᠠᠷᠢᠭᠤᠴᠠᠯᠭ᠎ᠠ︾᠂ ︽ᠳᠥᠷᠪᠡ ᠶᠢ ᠲᠣᠳᠣᠷᠬᠠᠶᠢᠯᠠᠬᠤ ᠡᠬᠡ ᠲᠠᠩᠰᠠ︾᠂ ︽ᠰᠡᠷᠭᠡᠶᠢᠯᠡᠨ ᠬᠠᠮᠠᠭᠠᠯᠠᠬᠤ ᠠᠷᠪᠠᠨ ᠴᠢᠬᠤᠯᠠ ᠵᠦᠢᠯ︾ ᠤᠨ ᠲᠤᠬᠠᠢ ᠰᠤᠷᠤᠯᠴᠠᠯᠭ᠎ᠠ ᠪᠣᠯᠪᠠᠰᠤᠷᠠᠯ ᠢ ᠦᠷᠨᠢᠬᠦᠯᠬᠦ ᠭᠡᠷᠡᠭᠳᠡᠢ  ᠃   ᠪᠠᠯᠭᠠᠰᠤᠨ ᠤ ᠺᠠᠳ᠋ᠷ ᠠᠵᠢᠯᠳᠠᠳ ᠲᠠᠭᠠᠭᠠᠴᠢᠯᠠᠭᠰᠠᠨ ᠲᠣᠰᠬᠤᠨ ᠤ ᠪᠠᠨ ᠬᠢᠵᠢᠭ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂  ᠦᠪᠡᠷ ᠦᠪᠡᠷ ᠤᠨ  ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠮᠡᠳᠡᠬᠦ ᠪᠠᠷ ᠪᠠᠷᠠᠬᠤ ᠦᠭᠡᠢ᠂ ᠪᠠᠴᠢᠮ ᠪᠠᠶᠢᠳᠠᠯ ᠳᠣᠣᠷᠠᠬᠢ  ᠪᠦᠬᠦᠶᠢᠯᠡ ᠠᠵᠢᠯ ᠤᠨ ᠶᠠᠪᠤᠴᠠ ᠪᠠ  ᠠᠵᠢᠯ ᠤᠨ ᠬᠤᠪᠢᠶᠠᠷᠢᠯᠠᠯ ᠢ  ᠰᠠᠶᠢᠳᠤᠷ ᠤᠶᠢᠯᠠᠭᠠᠨ  ᠂  ᠭᠡᠨᠡᠳᠲᠡ ᠶᠢᠨ ᠪᠠᠶᠢᠳᠠᠯ ᠢ ᠠᠷᠭᠠᠴᠠᠬᠤ ᠴᠢᠳᠠᠪᠤᠷᠢ ᠪᠠᠨ ᠲᠡᠭᠡᠭᠰᠢᠯᠡᠬᠦᠯᠵᠦ  ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠤᠷᠤᠭᠰᠢᠲᠠᠢ  ᠮᠦᠷᠳᠡᠭᠡᠨ  ᠪᠦᠲᠦᠮᠵᠢᠲᠡᠶ ᠪᠠᠷ ᠠᠵᠢᠯᠯᠠᠬᠤ ᠶᠢ ᠪᠠᠲᠤᠯᠠᠬᠤ  ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠵᠠᠩ ᠶᠦᠩ ᠯᠢ ᠬᠤᠷᠠᠯ ᠡᠷᠬᠢᠯᠡᠬᠦ  ᠶᠠᠷᠢᠶᠠᠨ ᠳᠠᠭᠠᠨ᠂ ᠡᠯ᠎ᠡ  ᠬᠠᠮᠳᠤᠷᠠᠭᠰᠠᠨ ᠨᠠᠮ ᠤᠨ ᠡᠭᠦᠷ ᠵᠢᠴᠢ ᠪᠠᠯᠭᠠᠰᠤ ᠲᠣᠰᠬᠤᠨ ᠤ ᠺᠠᠳ᠋ᠷᠴᠤᠳ ᠡᠷᠭᠡᠪᠰᠢ ︽ᠳᠥᠷᠪᠡ ᠶᠢ ᠲᠣᠳᠣᠷᠬᠠᠶᠢᠯᠠᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤᠴᠠᠵᠤ ᠪᠠᠶᠢᠭ᠎ᠠ ᠲᠣᠰᠬᠤᠨ ᠤ ᠪᠠᠨ ᠪᠠᠶᠢᠳᠠᠯ ᠢ  ᠨᠠᠷᠢᠨ ᠲᠤᠳᠤᠷᠬᠠᠢ  ᠤᠶᠢᠯᠠᠭᠠᠨ ᠡᠵᠡᠮᠰᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠨ ᠬᠢᠬᠦ ᠭᠡᠷᠡᠭᠳᠡᠢ᠃ ᠬᠢᠵᠢᠭ  ᠰᠡᠷᠭᠡᠶᠢᠯᠡᠯᠳᠡ᠂  ᠠᠶᠤᠯᠬᠦᠢ ᠦᠢᠯᠡᠳᠪᠦᠷᠢᠯᠡᠯ᠂ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠪᠠᠶᠢᠴᠠᠭᠠᠯᠳᠠ ᠶᠢᠨ ᠴᠡᠭ ᠤᠨ ᠠᠵᠢᠯᠳᠠᠳ ᠲᠤᠭᠳᠠᠭᠰᠠᠨ ᠴᠠᠭ ᠲᠤ ᠠᠵᠢᠯ  ᠤᠨ ᠪᠠᠶᠢᠷᠢ ᠳᠠᠭᠠᠨ ᠬᠦᠷᠴᠦ ᠵᠢᠵᠢᠬᠦᠷᠯᠡᠨ᠂ ︽ᠨᠢᠭᠡ  ᠲᠡᠷᠭᠡᠨ ᠤ ᠨᠢᠭᠡ  ᠲᠠᠩᠰᠠ᠂ ᠨᠢᠭᠡ ᠬᠥᠮᠥᠨ  ᠤ ᠨᠢᠭᠡ ᠮᠡᠳᠡᠭᠡ ᠵᠠᠩᠭᠢ ᠪᠠᠶᠢᠬᠤ︾ ᠵᠠᠷᠴᠢᠮ ᠢ ᠪᠠᠷᠢᠮᠲᠠᠯᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ᠂ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃  ᠪᠠᠯᠭᠠᠰᠤᠨ ᠤ ᠺᠠᠳ᠋ᠷ ᠠᠵᠢᠯᠲᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠬᠦᠢᠴᠡᠳᠭᠡᠨ᠂  ᠬᠢᠵᠢᠭ  ᠰᠡᠷᠭᠡᠶᠢᠯᠡᠯᠳᠡ᠂ ᠲᠠᠷᠢᠶᠠᠯᠠᠩ ᠦᠢᠯᠡᠳᠪᠦᠷᠢᠯᠡᠯ ᠪᠣᠯᠣᠨ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠶᠡᠬᠡᠪᠡᠷ ᠰᠤᠷᠪᠤᠯᠵᠢᠯᠠᠬᠤ︾ ᠠᠵᠢᠯᠯᠠᠭ᠎ᠠ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号