ᠲᠠᠶᠢᠹᠤᠰᠧ ᠬᠤᠰᠢᠭᠤ 2022 ᠣᠨ ᠤ ᠳᠣᠣᠷ᠎ᠠ ᠬᠠᠭᠠᠰ ᠵᠢᠯ ᠤᠨ ᠴᠡᠷᠢᠭ ᠤᠨ ᠨᠡᠷᠡᠰ ᠢ ᠬᠢᠨᠠᠨ ᠲᠣᠭᠲᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/15
   9 ᠰᠠᠷ᠎ᠠ ᠶᠢᠨ 13 ᠤ ᠡᠳᠦᠷ᠂ ᠲᠠᠶᠢᠹᠤᠰᠧ ᠬᠤᠰᠢᠭᠤ 2022 ᠣᠨ ᠤ ᠳᠣᠣᠷ᠎ᠠ ᠬᠠᠭᠠᠰ ᠵᠢᠯ ᠤᠨ ᠴᠡᠷᠢᠭ  ᠤᠨ ᠨᠡᠷᠡᠰ ᠢ ᠬᠢᠨᠠᠨ ᠲᠣᠭᠲᠠᠭᠠᠬᠤ ᠠᠵᠢᠯ ᠤᠨ ᠬᠤᠷᠠᠯ ᠬᠢᠵᠡᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠶᠦᠩ ᠾᠧ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂ ᠴᠡᠷᠢᠭ ᠡᠯᠰᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ  ᠴᠢᠩᠭᠠᠳᠬᠠᠨ᠂  ᠲᠤᠭᠳᠠᠭᠰᠠᠨ ᠲᠡᠰ ᠳᠠᠷᠠᠭᠠᠯᠠᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ︽ᠵᠢᠷᠭᠤᠭᠠᠨ ᠴᠡᠭᠡᠷ︾ ︽ᠲᠠᠪᠤᠨ ᠴᠠᠭᠠᠵᠠ︾  ᠶᠢ ᠴᠢᠩᠭ᠎ᠠ   ᠭᠡᠷᠡᠭᠵᠢᠬᠦᠯᠦᠨ᠂ ︽ᠳᠥᠷᠪᠡ ᠶᠢ ᠰᠠᠶᠢᠲᠤᠷ ᠬᠠᠮᠢᠶᠠᠷᠬᠤ︾ ᠶᠢ ᠡᠷᠡᠰ ᠪᠡᠶᠡᠯᠡᠭᠦᠯᠵᠦ᠂ ᠠᠵᠢᠯ ᠬᠢᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠪᠠᠳᠤᠯᠠᠨ᠂ ᠡᠯ᠎ᠡ  ᠲᠦᠷᠦᠯ ᠤᠨ ᠰᠠᠬᠢᠯᠭ᠎ᠠ ᠪᠠᠲᠤ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠦᠯᠬᠦᠮᠳᠡᠨ ᠬᠠᠮᠵᠢᠯᠴᠠᠵᠤ᠂ ᠪᠠᠶᠢᠭᠠᠳ ᠡᠨᠡ ᠵᠢᠯ ᠤᠨ ᠴᠡᠷᠢᠭ ᠡᠯᠰᠡᠬᠦ ᠠᠵᠢᠯ ᠢ ᠲᠡᠭᠦᠰ ᠠᠮᠵᠢᠯᠲᠠ ᠲᠠᠢ  ᠪᠡᠶᠡᠯᠡᠬᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠲᠡᠳ᠋ ᠳᠠᠷᠤᠭ᠎ᠠ ᠯᠢᠦ ᠰᠢᠨ ᠹᠧᠩ ᠠᠴᠠ ᠲᠠᠶᠢᠹᠤᠰᠧ ᠬᠤᠰᠢᠭᠤᠨ ᠤ ᠳᠣᠣᠷ᠎ᠠ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ᠂ ᠴᠡᠷᠢᠭ ᠲᠣᠭᠲᠠᠭᠠᠬᠤ ᠲᠦᠰᠦᠪ ᠲᠦᠯᠦᠪᠯᠡᠭᠡᠨ ᠤ ᠲᠤᠬᠠᠢ ᠬᠠᠷᠢᠭᠤ ᠮᠡᠳᠡᠭᠦᠯᠦᠯᠲᠡ ᠬᠢᠪᠡ᠃ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠢᠦᠢ ᠰᠢᠨ ᠹᠠᠩ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠴᠡᠷᠢᠭ ᠤᠨ ᠨᠡᠷᠡᠰ ᠢ ᠬᠢᠨᠠᠨ ᠲᠣᠭᠲᠠᠭᠠᠬᠤ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠤᠯᠠᠮᠵᠢᠯᠠᠨ᠂ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠰᠢᠯᠭᠠᠯᠲᠠ ᠪᠠ ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠬᠤ ᠠᠵᠢᠯ ᠤᠨ ᠬᠠᠷᠢᠭᠤᠴᠠᠯᠭᠠᠲᠠᠨ ᠠᠴᠠ ᠲᠤᠰᠪᠤᠷᠢ  ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠬᠠᠷᠢᠭᠤ ᠮᠡᠳᠡᠬᠦᠯᠵᠡᠢ᠃ ᠬᠤᠷᠠᠯ ᠠᠴᠠ ᠪᠠᠰᠠ ᠲᠣᠭᠲᠠᠭᠠᠭᠰᠠᠨ ᠴᠡᠷᠢᠭ ᠤᠨ ᠨᠡᠷᠡᠰ ᠪᠠ ᠨᠥᠬᠦᠪᠦᠷᠢᠯᠡᠬᠦ ᠬᠥᠮᠥᠰ ᠤᠨ ᠨᠡᠷᠡᠰ ᠢ  ᠪᠠᠳᠤᠯᠠᠭᠰᠠᠨ ᠪᠠᠶᠢᠨ᠎ᠠ᠃ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ  ᠪᠠᠯᠭᠠᠰᠤᠨ ᠤ ᠭᠤᠣᠯ ᠬᠠᠷᠢᠭᠤᠴᠠᠯᠭᠠᠲᠠᠨ  ᠪᠠ ᠵᠡᠪᠰᠡᠭᠲᠦ ᠬᠦᠴᠦᠨ ᠤ  ᠬᠡᠯᠳᠡᠰ ᠤᠨ ᠲᠠᠷᠤᠭ᠎ᠠ ᠠᠵᠢᠯᠳᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号