ᠲᠠᠶᠢᠹᠤᠰᠧ ᠬᠤᠰᠢᠭᠤ ᠭᠡᠰᠡᠭ ᠡᠵᠡᠩᠨᠡᠯᠳᠡ ᠶᠢᠨ ᠡᠷᠦᠬᠡ ᠶᠢᠨ ᠠᠵᠢᠯ ᠢ ᠨᠢ ᠵᠣᠭᠰᠣᠭᠠᠵᠤ ᠴᠡᠭᠴᠡᠯᠡᠪᠡ
ᠨᠡᠶᠢᠲᠡᠯᠡᠭᠰᠡᠨ ᠴᠠᠭ᠄
2022/9/15
   9 ᠰᠠᠷ᠎ᠠ ᠶᠢᠨ 9 ᠤ ᠡᠳᠦᠷ ᠠᠴᠠ 12 ᠤᠨ ᠡᠳᠦᠷ ᠪᠣᠯᠲᠠᠯ᠎ᠠ᠂  ᠲᠠᠶᠢᠹᠤᠰᠧ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ   ᠪᠤᠤᠴᠠᠩ ᠪᠠᠯᠭᠠᠰᠤᠨ ᠳᠠᠬᠢ ᠵᠢᠰᠦ ᠭᠤᠶᠣᠯᠠᠵᠤ ᠦᠰᠦ ᠵᠠᠰᠠᠬᠤ  ᠭᠠᠵᠠᠷ ᠢᠶᠠᠷ  ᠬᠦᠨᠵᠡᠬᠡᠶᠢᠷᠡᠵᠦ᠂ ᠡᠵᠡᠩᠨᠡᠯᠳᠡ ᠶᠢᠨ  ᠲᠠᠯᠠᠪᠤᠷ ᠤᠨ ᠡᠷᠡᠬᠦᠯ ᠬᠠᠮᠠᠭᠠᠯᠠᠯ ᠤᠨ ᠵᠥᠪᠰᠢᠶᠡᠷᠡᠯ ᠤᠨ ᠦᠨᠡᠮᠯᠡᠯ ᠨᠢ ᠪᠦᠷᠢᠨ ᠪᠦᠳᠦᠨ ᠡᠰᠡᠬᠦ ᠵᠢᠴᠢ ᠺᠤᠳ᠋  ᠰᠢᠷᠪᠢᠬᠦ  ᠂ ᠠᠮᠠᠪᠴᠢ ᠵᠡᠭᠦᠬᠦ᠂ ᠬᠠᠯᠠᠭᠤᠨ ᠢ ᠬᠡᠮᠵᠢᠬᠦ᠂ ᠴᠡᠪᠡᠷᠯᠡᠨ ᠠᠷᠢᠭᠤᠳᠬᠠᠬᠤ ᠵᠡᠷᠭᠡ ᠬᠢᠵᠢᠭ  ᠰᠡᠷᠭᠡᠶᠢᠯᠡᠯᠳᠡ ᠶᠢᠨ ᠠᠷᠭ᠎ᠠ ᠲᠦᠷᠢᠮ ᠢ ᠭᠡᠷᠡᠭᠵᠢᠬᠦᠯᠦᠭᠰᠡᠨ ᠪᠠᠶᠢᠳᠠᠯ ᠳᠤ  ᠪᠠᠶᠢᠴᠠᠭᠠᠯᠲᠠ  ᠬᠢᠵᠡᠢ᠃ ᠪᠠᠶᠢᠴᠠᠭᠠᠯᠲᠠ ᠶᠢᠨ ᠳᠤᠮᠳᠠ᠂  ᠳ᠋ᠠ ᠵᠦᠩ ᠦᠰᠦ ᠵᠠᠰᠠᠬᠤ ᠭᠠᠵᠠᠷ᠂ ᠮᠧᠶ ᠮᠧᠶ ᠦᠰᠦ ᠵᠠᠰᠠᠬᠤ ᠥᠷᠥᠭᠡ ᠵᠡᠷᠭᠡ 6  ᠡᠷᠦᠬᠡ ᠦᠰᠦ ᠵᠠᠰᠠᠵᠤ ᠵᠢᠰᠦ ᠭᠤᠶᠤᠯᠠᠬᠤ ᠳᠡᠯᠭᠡᠭᠦᠷ ᠨᠢ ᠠᠳᠠᠯᠢ ᠪᠤᠰᠤ ᠬᠡᠮᠵᠢᠶᠡᠨ ᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠢᠯᠡᠷᠡᠬᠦᠯᠦᠭᠡᠳ᠂ ᠠᠵᠢᠯ ᠢᠶᠠᠨ ᠵᠤᠭᠰᠤᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠲᠤᠰ ᠬᠤᠰᠢᠭᠤ ᠨᠢ ᠬᠠᠤᠯᠢ ᠭᠡᠷᠡᠭᠵᠢᠬᠦᠯᠵᠦ ᠬᠢᠨᠠᠨ ᠪᠠᠶᠢᠴᠠᠭᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ  ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ︽ᠡᠷᠬᠢᠨ ᠬᠠᠷᠠᠬᠤ︾ ᠪᠠᠶᠢᠴᠠᠭᠠᠯᠲᠠ ᠶᠢᠨ ᠠᠵᠢᠯᠯᠠᠭ᠎ᠠ ᠶᠢ ᠦᠷᠨᠢᠬᠦᠯᠵᠦ᠂  ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠬᠠᠷᠢᠭᠤᠴᠠᠯᠭ᠎ᠠ ᠡᠬᠦᠷᠭᠡᠯᠡᠬᠦ ᠤᠬᠠᠮᠰᠠᠷ ᠢ ᠲᠡᠭᠡᠭᠰᠢᠯᠡᠬᠦᠯᠦᠨ᠂ ᠥᠷᠭᠡᠨ ᠤᠯᠠᠨ ᠬᠡᠷᠡᠭᠯᠡᠭᠴᠢᠳ ᠪᠠ ᠠᠷᠠᠳ ᠢᠷᠭᠡᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠬᠠᠮᠲᠤ ᠪᠠᠷ ᠰᠠᠬᠢᠨ ᠬᠠᠮᠠᠭᠠᠯᠠᠬᠤ   ᠪᠠᠷ ᠪᠠᠶᠢᠨ᠎ᠠ᠃ ︵
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号