ᠲᠠᠶᠢᠹᠤᠰᠧ ᠬᠤᠰᠢᠭᠤ 2022 ᠣᠨ ᠤ ᠵᠣᠷᠯᠣᠩ ᠤᠨ ᠦᠬᠡᠷᠡᠴᠢᠯᠡᠯᠳᠡ ᠶᠢᠨ ᠠᠵᠢᠯ ᠢ ᠠᠮᠵᠢᠯᠳᠠᠳᠠᠢ ᠪᠡᠶᠡᠯᠡᠬᠦᠯᠪᠡ
ᠨᠡᠶᠢᠲᠡᠯᠡᠭᠰᠡᠨ ᠴᠠᠭ᠄
2022/9/15
     ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠬᠡᠷᠡᠴᠢᠯᠡᠯᠳᠡ ᠪᠤᠯ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠳᠡ ᠶᠢ ᠭᠦᠨᠵᠡᠭᠡᠢ ᠠᠬᠢᠭᠤᠯᠬᠤ ᠴᠢᠬᠤᠯᠠ ᠭᠠᠷᠳᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠠᠭᠤᠯᠭ᠎ᠠ ᠪᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠬᠡᠷᠡᠴᠢᠯᠡᠯᠳᠡ ᠶᠢ ᠬᠢᠵᠦ ᠡᠬᠢᠯᠡᠭᠰᠡᠨ ᠠᠴᠠ ᠨᠠᠰᠢ᠂ ᠲᠠᠶᠢᠹᠤᠰᠧ ᠬᠤᠰᠢᠭᠤᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ︽ᠵᠣᠷᠯᠣᠩ ᠤᠨ ᠦᠬᠡᠷᠡᠴᠢᠯᠡᠯᠳᠡ︾  ᠶᠢᠨ ᠲᠤᠬᠠᠢ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠠ  ᠣᠷᠣᠨ᠂ ᠠᠶᠢᠮᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡᠬᠦ ᠠᠵᠢᠯ ᠢ ᠪᠣᠳᠠᠲᠠᠢ ᠳᠠᠭᠠᠨ ᠰᠠᠭᠤᠷᠢᠯᠠᠨ ᠪᠥᠬᠦ ᠲᠠᠯ᠎ᠠ ᠪᠠᠷ ᠠᠬᠢᠭᠤᠯᠵᠤ ᠢᠷᠡᠵᠡᠢ  ᠃  ᠡᠨᠡ ᠵᠢᠯ ᠤᠨ 4 ᠰᠠᠷ᠎ᠠ ᠳᠤ ᠲᠤᠰ ᠬᠤᠰᠢᠭᠤ   ᠨᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ᠂ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠵᠡᠷᠭᠡ   ᠶᠢ ᠬᠤᠷᠠᠯᠳᠤᠭᠤᠯᠵᠤ᠂ ᠵᠤᠷᠯᠤᠩ ᠤᠨ ᠦᠬᠡᠷᠡᠴᠢᠯᠡᠯᠳᠡ ᠶᠢᠨ ᠬᠠᠮᠢᠶ᠎ᠠ ᠪᠦᠬᠦᠢ ᠠᠵᠢᠯ   ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠦᠭᠡᠳ 6 ᠰᠠᠷ᠎ᠠ ᠠᠴᠠ ᠰᠤᠮᠤ ᠰᠢᠶᠠᠩ ᠪᠠᠯᠭᠠᠰᠤ ᠶᠢ ᠵᠤᠬᠢᠶᠠᠨ ᠪᠠᠶᠢᠭᠤᠯᠵᠤ ᠮᠠᠯᠴᠢᠨ ᠲᠠᠷᠢᠶᠠᠴᠢᠨ ᠤ ᠵᠣᠷᠯᠣᠩ  ᠤᠨ ᠬᠡᠷᠡᠭᠴᠡᠭᠡ ᠶᠢ ᠪᠠᠶᠢᠴᠠᠭᠠᠨ  ᠤᠶᠢᠯᠠᠭᠠᠵᠤ ᠬᠢᠨᠠᠨ ᠬᠠᠷᠭᠤᠭᠤᠯᠤᠭᠰᠠᠨ ᠪᠠᠶᠢᠨ᠎ᠠ  ᠃ 7 ᠰᠠᠷ᠎ᠠ ᠶᠢᠨ ᠡᠬᠢ ᠪᠠᠷ᠂  ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ︽ᠲᠠᠶᠢᠹᠤᠰᠧ ᠬᠤᠰᠢᠭᠤᠨ ᠤ 2022 ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠦᠰᠦᠪ︾ ᠢ ᠲᠣᠭᠲᠠᠭᠠᠵᠤ᠂ ᠭᠤᠷᠪᠠᠳᠠᠭᠢ ᠡᠲᠡᠭᠡᠳ ᠤᠨ ᠺᠣᠮᠫᠠᠨᠢ ᠶᠢ ᠤᠷᠢᠵᠤ ᠢᠨᠵᠧᠨᠧᠷᠢᠩ ᠤᠨ ᠪᠥᠬᠦ ᠶᠠᠪᠤᠴᠠ ᠶᠢ ᠬᠢᠨᠠᠨ ᠬᠠᠮᠢᠶᠠᠷᠬᠤ  ᠪᠠ ᠰᠢᠯᠭᠠᠨ ᠪᠠᠶᠢᠴᠠᠭᠠᠬᠤ ᠠᠵᠢᠯ ᠢ ᠬᠢᠯᠬᠡᠨ᠂  ᠦᠨ᠎ᠡ ᠨᠢ ᠬᠢᠮᠳᠠ᠂  ᠭᠡᠷᠡᠭᠯᠡᠬᠦ ᠳᠤ ᠲᠥᠬᠦᠮ᠂ ᠣᠷᠴᠢᠨ ᠲᠣᠭᠤᠷᠢᠨ ᠢ ᠪᠣᠬᠢᠷᠲᠤᠭᠤᠯᠬᠤ ᠦᠭᠡᠢ᠂  ᠤᠯᠠᠨ ᠲᠦᠮᠡᠨ ᠬᠠᠨᠤᠮᠵᠢᠳᠠᠢ ᠪᠠᠶᠢᠬᠤ ᠵᠠᠷᠴᠢᠮ ᠶᠣᠰᠣᠭᠠᠷ᠂   ᠵᠣᠷᠯᠣᠩ  ᠤᠨ ᠦᠬᠡᠷᠡᠴᠢᠯᠡᠯᠳᠡ ᠶᠢᠨ  ᠭᠡᠪ ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂  ᠥᠭᠡᠷᠡᠴᠢᠯᠡᠨ ᠪᠠᠶᠢᠭᠤᠯᠬᠤ ᠠᠬᠢᠴᠠ ᠶᠢ ᠲᠦᠷᠭᠡᠳᠭᠡᠪᠡ᠃  ᠲᠤᠰ ᠬᠤᠰᠢᠭᠤ ᠨᠢ ᠤᠷᠢᠳᠠᠪᠠᠷ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ᠂ ᠪᠤᠤᠴᠠᠩ ᠪᠠᠯᠭᠠᠰᠤᠨ ᠤ  ᠦ᠋ ᠵᠢᠩ ᠲᠣᠰᠬᠤᠨ ᠢ ᠲᠤᠷᠰᠢᠯᠲᠠ ᠶᠢᠨ ᠲᠣᠰᠬᠤᠨ ᠪᠤᠯᠭᠠᠵᠤ᠂ ᠪᠦᠲᠦᠭᠡᠨ ᠪᠠᠶᠢᠭᠤᠯᠬᠤ ᠶᠢᠨ ᠵᠡᠷᠭᠡᠪᠡᠷ ᠲᠤᠬᠠᠢ ᠶᠢᠨ ᠭᠠᠵᠠᠷ  ᠲᠤᠨᠢ ᠬᠢᠨᠠᠨ ᠵᠢᠯᠤᠭᠤᠳᠴᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠤᠢ ᠪᠤᠯᠭᠠᠨ᠂  ᠨᠢᠭᠡ ᠶᠢ ᠪᠠᠶᠢᠭᠤᠯᠪᠠᠯ ᠨᠢᠭᠡ ᠶᠢ ᠬᠢᠷᠢ ᠲᠡᠩᠴᠡᠬᠦᠯᠵᠦ᠂ ᠨᠢᠭᠡ ᠶᠢ ᠬᠡᠷᠡᠭᠯᠡᠪᠡᠯ ᠨᠢᠭᠡ ᠶᠢ ᠬᠠᠨᠤᠮᠵᠢᠲᠠᠢ ᠪᠠᠶᠢᠯᠭᠠᠬᠤ ᠶᠢ ᠪᠠᠳᠤᠯᠠᠵᠠᠢ᠃  ᠡᠶᠢᠨ ᠬᠦ᠋᠂ ᠣᠲᠣ ᠪᠣᠯᠲᠠᠯ᠎ᠠ 1148 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠵᠢᠯ ᠤᠨ ᠡᠭᠦᠷᠭᠡ ᠪᠠᠨ ᠨᠢᠭᠡᠨᠲᠡ ᠪᠦᠬᠦᠨ ᠢ ᠪᠡᠶᠡᠯᠡᠬᠦᠯᠦᠭᠡᠳ᠂ ᠣᠲᠣ ᠶᠠᠭ ᠡᠷᠦᠬᠡ ᠳᠠᠷᠠᠭᠠᠯᠠᠨ ᠰᠢᠯᠭᠠᠨ ᠪᠠᠶᠢᠴᠠᠭᠠᠬᠤ ᠶᠢᠨ ᠬᠠᠮᠳᠤ  ᠬᠠᠮᠢᠶ᠎ᠠ ᠪᠦᠬᠦᠢ ᠲᠠᠩᠰᠠ ᠡᠪᠬᠡᠮᠡᠯ ᠵᠢᠴᠢ ᠬᠠᠮᠢᠶᠠᠷᠴᠤ ᠬᠠᠮᠠᠭᠠᠯᠠᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ  ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号