ᠵᠣᠣ ᠹᠧᠢ ᠫᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/9/18
   9 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ  ᠰᠤᠳᠤᠯᠤᠯᠳᠠ ᠬᠢᠵᠡᠢ᠃ ᠵᠣᠣ ᠹᠧᠢ ᠫᠧᠩ ᠰᠣᠶᠣᠯ ᠤᠨ ᠠᠰᠠᠷ ᠤᠨ ᠪᠥᠭᠡᠮ ᠬᠦᠴᠢᠯ ᠤᠨ ᠪᠠᠶᠢᠴᠠᠭᠠᠯᠳᠠ ᠶᠢᠨ ᠴᠡᠭ ᠪᠠ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠲᠤ ᠬᠦᠷᠴᠦ᠂ ᠪᠥᠭᠡᠮ ᠬᠦᠴᠢᠯ ᠤᠨ ᠥᠯᠢᠭᠡᠷ ᠠᠪᠬᠤ ᠪᠥᠬᠦ ᠶᠠᠪᠤᠴᠠ ᠶᠢ ᠨᠠᠷᠢᠨ ᠤᠶᠢᠯᠠᠭᠠᠭᠰᠠᠨ ᠪᠦᠭᠡᠳ ᠬᠤᠰᠢᠭᠤᠨ ᠤ ᠡᠮᠨᠡᠯᠭᠡ ᠶᠢᠨ ᠬᠤᠷᠢᠶ᠎ᠠ ᠪᠠ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ ᠬᠦᠷᠴᠦ᠂  ᠪᠥᠭᠡᠮ ᠬᠦᠴᠢᠯ ᠤᠨ ᠪᠠᠶᠢᠴᠠᠭᠠᠯᠲᠠ᠂ ᠮᠡᠳᠡᠭᠡ ᠵᠠᠩᠭᠢ ᠶᠢᠨ ᠰᠢᠰᠲ᠋ᠧᠮ ᠂ ᠠᠷᠤ ᠲᠠᠯ᠎ᠠ ᠶᠢᠨ ᠪᠠᠲᠤᠯᠠᠭ᠎ᠠ᠂ ᠢᠵᠢ  ᠪᠦᠷᠢᠳᠦᠭᠰᠡᠨ  ᠦᠢᠯᠡᠴᠢᠯᠡᠭᠡᠨ ᠤ ᠪᠠᠶᠢᠳᠠᠯ ᠵᠡᠷᠭᠡ ᠶᠢ ᠯᠠᠪᠯᠠᠨ ᠤᠶᠢᠯᠠᠭᠠᠪᠠ᠃  ᠵᠣᠣ ᠹᠧᠢ ᠫᠧᠩ ᠠᠶᠠᠨᠴᠢᠳ ᠤᠨ ᠲᠡᠭᠡᠭᠡᠪᠦᠷᠢ ᠶᠢᠨ ᠺᠣᠮᠫᠠᠨᠢ ᠳᠤ  ᠬᠦᠷᠴᠦ᠂  ᠡᠷᠡᠭᠦᠯ ᠮᠡᠨᠳᠦ ᠶᠢᠨ ᠳᠠᠩᠰᠠᠯᠠᠯᠲᠠ᠂  ᠪᠦᠭᠡᠮ ᠬᠦᠴᠢᠯ ᠤᠨ ᠪᠠᠶᠢᠴᠠᠭᠠᠯᠳᠠ  ᠂  ᠵᠢᠵᠢᠬᠦᠷ   ᠤᠨ ᠲᠦᠷᠢ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ  ᠤᠶᠢᠯᠠᠭᠠᠭᠰᠠᠨ ᠤ ᠬᠠᠮᠳᠤ᠂ ᠬᠦᠨᠪᠤᠯᠠᠭ  ᠰᠤᠮᠤᠨ ᠤ ᠪᠠᠶᠢᠴᠠᠭᠠᠬᠤ ᠦᠷᠳᠡᠭᠡ ᠂ ᠲᠦᠷᠭᠡᠨ ᠤ ᠵᠠᠮ ᠤᠨ ᠪᠤᠤᠴᠠᠩ ᠤᠨ ᠡᠮᠦᠨ᠎ᠡ  ᠬᠤᠶᠢᠨᠠᠬᠢ ᠰᠦᠢᠳᠭᠡᠯ ᠬᠤᠷᠢᠶᠠᠬᠤ ᠦᠷᠳᠡᠭᠡ   ᠳᠤ ᠬᠦᠷᠴᠦ᠂ ᠮᠡᠳᠡᠭᠡ ᠵᠠᠩᠭᠢ ᠶᠢᠨ  ᠲᠠᠩᠰᠠᠯᠠᠯᠳᠠ᠂ ᠪᠥᠭᠡᠮ ᠬᠦᠴᠢᠯ ᠤᠨ ᠪᠠᠶᠢᠴᠠᠭᠠᠯᠳᠠ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ  ᠤᠨ ᠠᠷᠭ᠎ᠠ ᠲᠦᠷᠢᠮ ᠤᠨ ᠨᠠᠶᠢᠳᠠᠪᠤᠷᠢᠵᠢᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠵᠤᠤ ᠹᠧᠢ ᠫᠧᠩ ᠴᠢᠬᠤᠯᠠᠴᠢᠯᠠᠬᠤ ᠳᠠᠭᠠᠨ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠢᠯ ᠤᠨ ᠠᠵᠢᠯ ᠢ ᠴᠢᠩᠭ᠎ᠠ  ᠪᠣᠳᠠᠲᠠᠢ ᠰᠠᠶᠢᠲᠤᠷ  ᠠᠳᠬᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ  ᠲᠣᠭᠲᠠᠭᠤᠨ ᠨᠡᠶᠢᠭᠡᠮ ᠤᠨ ᠣᠷᠴᠢᠨ ᠨᠦᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ  ᠨᠢ ᠠᠵᠢᠯᠲᠠᠨ ᠤ ᠪᠣᠯᠪᠠᠰᠤᠷᠠᠯ ᠬᠢᠭᠡᠳ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ᠵᠠᠩᠭᠢᠯᠠᠭ᠎ᠠ ᠶᠢᠨ ᠦᠶ᠎ᠡ ᠳᠤ ᠬᠡᠷᠡᠭᠯᠡᠵᠦ ᠳᠡᠶᠢᠯᠬᠦ᠂ ᠠᠵᠢᠯᠯᠠᠵᠤ ᠲᠡᠶᠢᠯᠬᠦ ᠶᠢ ᠪᠠᠲᠤᠯᠠᠬᠤ ᠬᠡᠷᠡᠭᠲᠡᠢ᠃  ᠵᠠᠮ ᠬᠠᠷᠢᠯᠴᠠᠭᠠᠨ ᠤ ᠪᠤᠭᠤᠮᠳᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠪᠣᠭᠤᠮᠲᠠ ᠪᠣᠯᠣᠨ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠯ᠎ᠡ  ᠡᠳᠡᠭᠡᠳ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠠᠵᠢᠯ ᠤᠨ ᠶᠠᠪᠤᠴᠠ  ᠪᠠᠨ ᠲᠠᠰᠤᠷᠠᠯᠲᠠ ᠦᠭᠡᠢ ᠰᠢᠯᠢᠳᠡᠭᠵᠢᠬᠦᠯᠵᠦ᠂ ᠮᠡᠳᠡᠭᠡ ᠵᠠᠩᠭᠢ ᠶᠢᠨ ᠲᠠᠩᠰᠠᠯᠠᠯᠳᠠ᠂ ᠪᠦᠬᠡᠮ ᠬᠦᠴᠢᠯ ᠤᠨ ᠪᠠᠶᠢᠴᠠᠭᠠᠯᠳᠠ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ  ᠲᠦᠷᠢᠮᠵᠢᠬᠦᠯᠦᠨ ᠬᠡᠷᠡᠭᠵᠢᠭᠦᠯᠵᠦ᠂  ᠠᠶᠠᠨᠴᠢᠳ ᠢ ᠪᠠᠶᠢᠴᠠᠭᠠᠵᠤ ᠪᠦᠷᠢᠳᠬᠡᠵᠦ ᠳᠠᠩᠰᠠᠯᠠᠬᠤ ᠠᠵᠢᠯ ᠢ ᠰᠠᠶᠢᠲᠤᠷ ᠬᠢᠵᠦ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃ ᠬᠤᠰᠢᠭᠤᠨ ᠤ ᠤᠳᠤᠷᠢᠳᠤᠯᠭ᠎ᠠ ᠵᠣᠣ ᠬᠠᠢ ᠯᠢ᠂ ᠸᠠᠩ ᠵᠢᠦᠢ ᠰᠢ᠂ ᠡᠷᠳᠡᠨᠢᠪᠠᠭᠠᠳᠤᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号