9 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠤ ᠹᠧᠢ ᠫᠧᠩ ᠬᠤᠷᠢᠳᠤᠭᠠᠷ | ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ | ᠠᠮᠤᠷ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠨᠦᠬᠦᠴᠡᠯ ᠢ ᠪᠣᠶ ᠪᠣᠯᠭᠠᠬᠤ ᠪᠣᠯ ᠪᠥᠬᠦ ᠬᠤᠰᠢᠭᠤᠨ ᠤ | ᠳᠡᠭᠡᠳᠦ ᠳᠣᠣᠷᠠᠳᠤ ᠱᠠᠲᠤᠨ ᠤ ᠴᠢᠬᠤᠯᠠ ᠶᠡᠭᠡ ᠡᠭᠦᠷᠭᠡ ᠮᠥᠨ᠂ ᠡᠷᠬᠡᠪᠰᠢ ᠤᠯᠤᠰ ᠲᠥᠷᠥ ᠶᠢ ᠡᠷᠬᠢᠮᠯᠡᠬᠦ | ᠦᠨᠳᠦᠷᠴᠡ ᠠᠴᠠ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃ ᠵᠠᠮ ᠬᠠᠷᠢᠯᠴᠠᠭᠠᠨ ᠤ ᠪᠣᠭᠤᠮᠲᠠ ᠶᠢᠨ | ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠲᠡᠷᠭᠡ ᠶᠢ ᠣᠷᠬᠢᠭᠳᠠᠭᠤᠯᠬᠤ ᠦᠭᠡᠢ᠂ ᠬᠥᠮᠥᠨ ᠢ | ᠣᠷᠬᠢᠭᠳᠠᠭᠤᠯᠬᠤ ᠦᠭᠡᠢ᠂ ᠪᠠᠶᠢᠴᠠᠭᠠᠯᠲᠠ ᠶᠢ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠬᠠᠷᠢᠭᠤᠴᠠᠯᠭ᠎ᠠ | ᠪᠠᠨ ᠰᠠᠶᠢᠳᠤᠷ ᠬᠦᠢᠴᠡᠳᠭᠡᠬᠦ ᠦᠬᠡᠢ᠂ ᠠᠵᠢᠯ ᠢᠶᠠᠨ ᠨᠢᠮᠪᠠᠢ ᠪᠡᠶᠡᠯᠡᠬᠦᠯᠬᠦ ᠦᠭᠡᠢ ᠠᠴᠠ ᠪᠤᠯᠵᠤ ᠭᠠᠳᠠᠨ᠎ᠠ ᠠᠴᠠ | ᠡᠪᠡᠳᠴᠢᠨ ᠬᠢᠵᠢᠭ ᠤᠷᠤᠭᠤᠯᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠵᠢᠯᠤᠭᠤᠳᠬᠤ ᠭᠠᠵᠠᠷ ᠤᠨ | ᠡᠯ᠎ᠡ ᠲᠤᠰᠬᠠᠢ ᠠᠩᠭᠢ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠡᠭᠦᠷᠭᠡ ᠶᠢ ᠨᠢᠭᠡ | ᠨᠢᠭᠡ ᠪᠠᠷ ᠨᠠᠶᠢᠳᠠᠪᠤᠷᠢᠵᠢᠭᠤᠯᠤᠨ᠂ ᠡᠩ ᠤᠨ ᠦᠶ᠎ᠡ ᠳᠤ ᠰᠡᠷᠭᠡᠶᠢᠯᠡᠵᠦ ᠳᠡᠶᠢᠯᠬᠦ᠂ ᠪᠠᠴᠢᠮ ᠦᠶ᠎ᠡ ᠳᠤ ᠠᠷᠭᠠᠴᠠᠵᠤ | ᠲᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠂ ᠵᠠᠩᠭᠢᠯᠠᠭ᠎ᠠ ᠶᠢᠨ ᠦᠶ᠎ᠡ ᠳᠤ ᠤᠰᠤᠯ ᠭᠠᠷᠭᠠᠵᠤ ᠶᠠᠭᠠᠬᠢᠭᠰᠠᠨ ᠴᠤ | ᠪᠣᠯᠬᠤ ᠦᠭᠡᠢ᠃ ᠡᠯ᠎ᠡ ᠰᠤᠮᠤ ᠰᠢᠶᠠᠩ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠦᠷᠢᠴᠡᠯ | ᠢ ᠨᠠᠮᠳᠠᠭᠤᠯᠬᠤ ᠪᠠ ᠲᠣᠭᠲᠠᠭᠤᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠵᠣᠬᠢᠴᠠᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠬᠤᠭᠤᠴᠠᠭᠠᠨ ᠳᠤ ᠶᠠᠮᠠᠷᠴᠤ ᠤᠰᠤᠯ ᠠᠳᠡᠯ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ | ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠴᠧᠨ ᠶᠠᠨ ᠪᠦᠦ᠂ ᠬᠤᠰᠢᠭᠤ ᠨᠠᠮ ᠤᠨ ᠬᠤᠷᠢᠶᠠᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ | ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠢ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠤᠯᠳᠠ ᠬᠢᠵᠡᠢ᠃ | ᠬᠤᠷᠠᠯ ᠠᠴᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠶᠢᠨ ᠪᠠᠶᠢᠳᠠᠯ ᠢ ᠰᠢᠢᠳᠪᠦᠷᠢᠯᠡᠬᠦ | ᠵᠢᠯᠤᠭᠤᠳᠬᠤ ᠭᠠᠵᠠᠷ ᠤᠨ ᠡᠯ᠎ᠡ ᠲᠤᠰᠬᠠᠢ ᠠᠩᠭᠢ ᠶᠢᠨ ᠬᠠᠷᠢᠭᠤ ᠮᠡᠳᠡᠭᠦᠯᠦᠯᠲᠡ ᠪᠠ ᠲᠣᠭᠲᠠᠭᠤᠨ ᠢ ᠬᠠᠮᠠᠭᠠᠯᠠᠬᠤ | ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ ᠬᠤᠰᠢᠭᠤᠨ ᠤ ᠳᠥᠷᠪᠡᠨ ᠶᠡᠭᠡ | ᠪᠠᠭ ᠤᠨ ᠤᠳᠤᠷᠢᠳᠤᠯᠭ᠎ᠠ ᠵᠢᠴᠢ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |