ᠲᠠᠶᠢᠹᠤᠰᠧ ᠬᠤᠰᠢᠭᠤ ︽ᠰᠢᠯᠢ ᠶᠢᠨ ᠭᠤᠣᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠢ ᠠᠵᠢᠯᠯᠠᠭᠠᠨ ᠤ ᠭᠠᠷ ᠠᠪᠤᠯᠭ᠎ᠠ︾  ᠶᠢᠨ  ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2022/9/18
  ᠰᠢᠨ᠎ᠡ ᠲᠢᠲᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠰᠠᠶᠢᠨ ᠬᠢᠵᠦ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠶ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 18 ᠤ ᠡᠳᠦᠷ  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ︽ᠰᠢᠯᠢ ᠶᠢᠨ ᠭᠤᠣᠯ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠢ ᠠᠵᠢᠯᠯᠠᠭᠠᠨ ᠤ ᠭᠠᠷ ᠠᠪᠤᠯᠭ᠎ᠠ︾ ᠶᠢᠨ ᠲᠤᠰᠬᠠᠢ ᠰᠡᠳᠦᠪᠲᠦ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠵᠣᠣ ᠹᠧᠢ ᠫᠧᠩ ᠬᠤᠷᠠᠯ ᠲᠡᠭᠡᠷ᠎ᠡ ᠱᠠᠭᠠᠷᠳᠠᠬᠤ ᠳᠠᠭᠠᠨ᠂ ᠦᠵᠡᠯ ᠰᠠᠨᠠᠭᠠᠨ ᠤ ᠬᠥᠪᠴᠢ ᠶᠢ ᠴᠠᠭ ᠢᠮᠠᠭᠲᠠ ᠴᠢᠩᠭᠠᠯᠠᠨ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠵᠢᠯᠤᠭᠤᠳᠬᠤ ᠰᠢᠰᠲ᠋ᠧᠮ   ᠢ ᠬᠦᠴᠦᠯᠡᠨ ᠰᠢᠯᠢᠳᠡᠭᠵᠢᠭᠦᠯᠵᠦ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ   ᠶᠢ ᠪᠣᠶ  ᠪᠤᠯᠭᠠᠨ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ   ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ︽ᠰᠢᠯᠢ ᠶᠢᠨ ᠭᠤᠣᠯ ᠠᠶᠢᠮᠠᠭ ᠤᠨ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠪᠣᠳᠠᠲᠠᠢ ᠠᠵᠢᠯᠯᠠᠭᠠᠨ ᠤ ᠭᠠᠷ ᠠᠪᠤᠯᠭ᠎ᠠ︾  ᠶᠢ ᠰᠤᠷᠤᠯᠴᠠᠨ ᠤᠬᠠᠭᠤᠯᠬᠤ ᠪᠠᠨ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ᠂  ᠭᠠᠷ ᠠᠪᠤᠯᠭ᠎ᠠ ᠶᠢᠨ ᠱᠠᠭᠠᠷᠳᠠᠯᠭ᠎ᠠ ᠶᠢ  ᠦᠨᠳᠦᠰᠦᠯᠡᠵᠦ ᠪᠠᠶᠢᠭᠠᠳ ᠳᠤᠲᠠᠭᠳᠠᠯ ᠲᠠᠢ ᠲᠠᠯ᠎ᠠ  ᠪᠠᠨ ᠪᠠᠶᠢᠴᠠᠭᠠᠨ ᠨᠥᠬᠦᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠡᠯᠡᠳᠬᠡᠯ ᠲᠦᠰᠦᠪ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠬᠢᠷᠢ ᠴᠢᠳᠠᠪᠤᠷᠢ  ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ  ᠭᠡᠵᠡᠢ᠃ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠬᠢᠵᠦ᠂  ᠳᠡᠳ᠋ ᠬᠤᠰᠢᠭᠤ ᠳᠠᠷᠤᠭ᠎ᠠ  ᠡᠷᠳᠡᠨᠢᠪᠠᠭᠠᠳᠤᠷ ᠠᠴᠠ ︽ᠰᠢᠯᠢ ᠶᠢᠨ ᠭᠤᠣᠯ ᠠᠶᠢᠮᠠᠭ ᠤᠨ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠪᠣᠳᠠᠲᠠᠢ ᠠᠵᠢᠯᠯᠠᠭᠠᠨ ᠤ ᠭᠠᠷ ᠠᠪᠤᠯᠭ᠎ᠠ︾  ᠳᠤ ᠭᠦᠨᠵᠡᠭᠡᠢ ᠲᠠᠶᠢᠯᠤᠮᠵᠢ ᠬᠢᠭᠰᠡᠨ ᠪᠠᠶᠢᠨ᠎ᠠ  ᠃ ᠪᠥᠬᠦ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ  ᠺᠠᠳ᠋ᠷᠴᠤᠳ ᠰᠤᠷᠤᠯᠴᠠᠯᠭ᠎ᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号