ᠵᠣᠣ ᠹᠧᠢ ᠫᠧᠩ ᠵᠠᠮ ᠬᠠᠷᠢᠯᠴᠠᠭᠠᠨ ᠤ ᠪᠣᠭᠤᠮᠲᠠ ᠶᠢᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ  ᠢ ᠪᠠᠶᠢᠴᠠᠭᠠᠨ  ᠵᠢᠯᠤᠭᠤᠳᠤᠭᠰᠠᠨ
ᠨᠡᠶᠢᠲᠡᠯᠡᠭᠰᠡᠨ ᠴᠠᠭ᠄
2022/9/18
  9 ᠰᠠᠷ᠎ᠠ ᠶᠢᠨ 17 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠦᠯᠬᠦᠮ ᠲᠠᠭᠠᠭᠤᠯᠵᠤ ᠡᠯ᠎ᠡ ᠵᠠᠮ ᠬᠠᠷᠢᠯᠴᠠᠭᠠᠨ ᠤ ᠪᠣᠭᠤᠮᠲᠠ ᠪᠠ ᠪᠡᠭᠡᠵᠢᠩ ᠣᠷᠣᠬᠤ ᠪᠠᠶᠢᠴᠠᠭᠠᠯᠳᠠ ᠶᠢᠨ ᠥᠷᠲᠡᠭᠡ ᠳᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠵᠢᠯᠤᠭᠤᠳᠴᠠᠢ᠃ ᠵᠤᠤ ᠬᠠᠢ ᠯᠢ᠂ ᠸᠠᠩ ᠵᠢᠦᠢ ᠰᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠵᠤᠤ ᠹᠧᠢ  ᠫᠧᠩ ᠤᠷᠢᠳ ᠬᠤᠵᠢᠳ ᠰᠠᠨ ᠬᠤᠤ ᠳ᠋ᠢ ᠪᠠᠶᠢᠴᠠᠭᠠᠯᠳᠠ ᠶᠢᠨ ᠦᠷᠳᠡᠭᠡ᠂ ᠰᠢᠶᠣᠣ ᠯᠢ ᠶᠢᠩᠽᠢ ᠳᠠᠬᠢ ᠪᠡᠭᠡᠵᠢᠩ ᠣᠷᠣᠬᠤ  ᠪᠠᠶᠢᠴᠠᠭᠠᠯᠳᠠ ᠶᠢᠨ ᠦᠷᠳᠡᠭᠡ ᠳᠤ ᠬᠦᠷᠴᠦ᠂  ᠠᠵᠢᠯᠳᠠᠨ ᠤ ᠲᠣᠬᠢᠷᠠᠭᠤᠯᠤᠯᠲᠠ᠂ ᠣᠷᠣᠵᠤ ᠭᠠᠷᠬᠤ ᠬᠠᠮᠢᠶᠠᠷᠤᠯᠲᠠ ᠂ ᠲᠡᠷᠭᠡ ᠬᠥᠰᠬᠡ ᠶᠢᠨ ᠨᠡᠪᠳᠡᠷᠡᠯᠬᠡ᠂ ᠪᠥᠭᠡᠮ ᠬᠦᠴᠢᠯ ᠤᠨ ᠪᠠᠶᠢᠴᠠᠭᠠᠯᠳᠠ ᠵᠡᠷᠭᠡ ᠠᠵᠢᠯ ᠤᠨ ᠪᠠᠶᠢᠳᠠᠯ ᠢ ᠨᠠᠷᠢᠨ  ᠤᠶᠢᠯᠠᠭᠠᠭᠰᠠᠨ ᠤ ᠬᠠᠮᠳᠤ ᠨᠢᠭᠡᠳᠦᠭᠡᠷ ᠹᠷᠣᠨᠲ ᠤᠨ ᠠᠵᠢᠯᠲᠠᠳ ᠢ  ᠬᠠᠯᠠᠮᠵᠢᠯᠠᠨ ᠲᠤᠬᠤᠨᠢᠭᠤᠯᠤᠭᠰᠠᠨ ᠪᠠᠶᠢᠨ᠎ᠠ᠃ ᠵᠤᠤ ᠹᠧᠢ ᠫᠧᠩ ᠴᠢᠬᠤᠯᠠᠴᠢᠯᠠᠬᠤ  ᠳᠠᠭᠠᠨ᠂  ᠡᠷᠭᠡᠪᠰᠢ ᠨᠠᠷᠢᠨ ᠬᠢᠨᠠᠮᠠᠭᠠᠢ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂  ᠮᠡᠷᠭᠡᠵᠢᠯ ᠤᠨ ᠠᠷᠭ᠎ᠠ ᠪᠠᠷᠢᠯ ᠢ ᠪᠦᠲᠦᠮᠵᠢᠲᠡᠢ ᠬᠡᠷᠡᠭᠯᠡᠵᠦ᠂ ᠮᠠᠰᠢᠨ ᠲᠡᠷᠭᠡᠨ ᠲᠡᠭᠡᠷᠡᠬᠢ ᠬᠦᠮᠦᠨ ᠲᠤᠭ᠎ᠠ ᠶᠢ ᠪᠦᠬᠦ ᠲᠠᠯ᠎ᠠ ᠪᠠᠷ ᠡᠵᠡᠮᠰᠢᠨ᠂  ᠨᠠᠷᠢᠯᠢᠭ ᠤᠨᠤᠪᠴᠢᠳᠠᠢ ᠰᠡᠷᠭᠡᠶᠢᠯᠡᠨ ᠡᠵᠡᠮᠳᠡᠬᠦ ᠳᠤ ᠨᠠᠶᠢᠳᠠᠪᠤᠷᠢᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠦᠷᠦᠯ ᠬᠤᠪᠢᠶᠠᠨ ᠬᠠᠮᠢᠶᠠᠷᠬᠤ ᠶᠢ ᠪᠠᠷᠢᠮᠳᠠᠯᠠᠵᠤ᠂  ᠪᠠᠶᠢᠴᠠᠭᠠᠯᠳᠠ ᠶᠢᠨ ᠶᠠᠪᠤᠴᠠ ᠶᠢ ᠪᠦᠬᠦ ᠲᠠᠯ᠎ᠠ ᠪᠠᠷ ᠰᠢᠯᠢᠳᠡᠭᠵᠢᠬᠦᠯᠦᠨ᠂  ᠪᠠᠶᠢᠴᠠᠭᠠᠯᠳᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂  ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠵᠠᠮ ᠬᠠᠷᠢᠯᠴᠠᠭᠠᠨ ᠤ ᠰᠠᠭᠠᠳ ᠦᠭᠡᠢ  ᠨᠡᠪᠳᠡᠷᠡᠯᠬᠡ ᠪᠠ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠬᠡᠵᠡᠢ᠃  ᠡᠯ᠎ᠡ  ᠵᠠᠮ ᠬᠠᠷᠢᠯᠴᠠᠭᠠᠨ ᠤ ᠪᠣᠭᠤᠮᠲᠠ ᠶᠢᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号