9 ᠰᠠᠷ᠎ᠠ ᠶᠢᠨ 1 ᠤ ᠡᠳᠦᠷ᠂ ᠲᠠᠶᠢᠹᠤᠰᠧ ᠬᠤᠰᠢᠭᠤ ᠠᠶᠢᠮᠠᠭ ᠤᠨ ︽ᠨᠠᠮ ᠤᠨ ᠲᠤᠳᠤᠭᠠᠳᠤ ᠶᠢᠨ ᠤᠯᠤᠰ | ᠲᠦᠷᠦ ᠶᠢᠨ ᠠᠮᠢᠳᠤᠷᠠᠯ ᠳᠠᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠴᠡᠭᠴᠡᠯᠡᠨ ᠵᠠᠰᠠᠵᠤ᠂ ᠠᠵᠢᠯ ᠤᠨ | ᠶᠠᠰᠤ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ︾ | ᠲᠤᠰᠬᠠᠢ ᠠᠵᠢᠯᠯᠠᠭᠠᠨ ᠤ ᠬᠢᠨᠠᠨ ᠵᠢᠯᠤᠭᠤᠳᠬᠤ ᠳᠤᠭᠤᠶᠢᠯᠠᠩ ᠳᠤ ᠬᠠᠷᠢᠭᠤ ᠮᠡᠳᠡᠬᠦᠯᠬᠦ ᠬᠤᠷᠠᠯ ᠬᠢᠵᠡᠢ᠃ ᠬᠤᠷᠠᠯ | ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ ᠠᠴᠠ ᠬᠢᠨᠠᠨ ᠵᠢᠯᠤᠭᠤᠳᠬᠤ | ᠳᠤᠭᠤᠶᠢᠯᠠᠩ ᠳᠤ ᠲᠠᠶᠢᠹᠤᠰᠧ ᠬᠤᠰᠢᠭᠤᠨ ᠤ ᠪᠠᠨ ︽ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ | ᠳᠠᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠴᠡᠭᠴᠡᠯᠡᠨ ᠵᠠᠰᠠᠵᠤ᠂ ᠠᠵᠢᠯ ᠤᠨ ᠶᠠᠰᠤ ᠴᠢᠨᠠᠷ ᠪᠠ ᠦᠷ᠎ᠡ | ᠪᠦᠲᠦᠮᠵᠢ ᠶᠢ ᠲᠡᠭᠡᠭᠰᠢᠯᠡᠬᠦᠯᠦᠨ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠶᠢ | ᠥᠷᠨᠢᠭᠦᠯᠦᠭᠰᠡᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠲᠣᠳᠣᠷᠬᠠᠢ | ᠬᠠᠷᠢᠭᠤ ᠮᠡᠳᠡᠬᠦᠯᠪᠡ᠃ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ︽ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠳᠠᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ | ᠴᠡᠭᠴᠡᠯᠡᠨ ᠵᠠᠰᠠᠵᠤ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠤᠯᠤᠰ ᠲᠥᠷᠥ ᠶᠢᠨ | ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠶᠢ ᠦᠨᠡᠯᠡᠨ ᠨᠤᠳᠠᠯᠠᠭᠰᠠᠨ ᠤ ᠬᠠᠮᠲᠤ ᠵᠢᠯᠤᠭᠤᠳᠬᠤ | ᠴᠢᠨᠠᠷᠲᠠᠢ ᠰᠠᠨᠠᠯ ᠢᠶᠠᠨ ᠲᠤᠷᠠᠳᠤᠭᠰᠠᠨ ᠪᠠᠶᠢᠨ᠎ᠠ᠃ ᠬᠢᠨᠠᠨ ᠵᠢᠯᠤᠭᠤᠳᠬᠤ ᠳᠤᠭᠤᠶᠢᠯᠠᠩ ᠠᠴᠠ᠂ ᠡᠨᠡ ᠤᠳᠠᠭᠠᠨ ᠤ | ᠲᠤᠰᠬᠠᠢ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠳᠠᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠲᠥᠪᠯᠡᠷᠡᠭᠦᠯᠦᠨ ᠵᠠᠰᠠᠬᠤ | ᠠᠵᠢᠯ ᠢ ᠭᠦᠨᠵᠡᠭᠡᠢ ᠨᠠᠶᠢᠳᠠᠪᠤᠷᠢᠵᠢᠭᠤᠯᠬᠤ ᠴᠢᠬᠤᠯᠠ ᠪᠠᠶᠢᠷᠢᠯᠠᠭᠤᠯᠤᠯᠲᠠ ᠪᠣᠯᠣᠨ᠎ᠠ᠂ ᠡᠷᠭᠡᠪᠰᠢ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠤᠷᠤᠨ ᠠᠶᠢᠮᠠᠭ ᠤᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ | ᠳᠡᠭᠡᠷ᠎ᠡ ᠦᠨᠡᠨᠬᠦ ᠨᠢᠭᠡᠳᠭᠡᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠬᠦᠨᠵᠡᠬᠡᠶᠢᠷᠡᠬᠦᠯᠦᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠣᠳᠠᠲᠠᠢ ᠠᠷᠭ᠎ᠠ ᠪᠠᠷ | ᠲᠤᠰᠬᠠᠢ ᠠᠵᠢᠯᠯᠠᠭᠠᠨ ᠤ ᠦᠨᠡᠨ ᠪᠤᠳᠠᠳᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ | ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠤᠨ | ᠬᠢᠵᠠᠭᠠᠷ ᠢ ᠲᠤᠳᠤᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠵᠢᠯ ᠡᠭᠦᠷᠭᠡ ᠶᠢ ᠨᠠᠷᠢᠨ ᠨᠢᠮᠪᠠᠢ | ᠨᠠᠶᠢᠳᠠᠪᠤᠷᠢᠵᠢᠭᠤᠯᠬᠤ ᠬᠡᠷᠡᠭᠲᠡᠢ᠃ ᠠᠶᠢᠮᠠᠭ ᠤᠨ ︽ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ | ᠳᠠᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠴᠡᠭᠴᠡᠯᠡᠨ ᠵᠠᠰᠠᠵᠤ᠂ ᠠᠵᠢᠯ ᠤᠨ ᠶᠠᠰᠤ ᠴᠢᠨᠠᠷ ᠪᠠ ᠦᠷ᠎ᠡ | ᠪᠦᠲᠦᠮᠵᠢ ᠶᠢ ᠲᠡᠭᠡᠭᠰᠢᠯᠡᠬᠦᠯᠦᠨ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭᠠᠨ ᠤ | ᠶᠢᠰᠦᠳᠦᠭᠡᠷ ᠬᠢᠨᠠᠨ ᠵᠢᠯᠤᠭᠤᠳᠬᠤ ᠳᠤᠭᠤᠶᠢᠯᠠᠩ ᠤᠨ ᠭᠡᠰᠢᠬᠦᠳ᠂ ᠲᠠᠶᠢᠹᠤᠰᠧ ᠬᠤᠰᠢᠭᠤᠨ ᠤ ︽ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠳᠠᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ | ᠴᠡᠭᠴᠡᠯᠡᠨ ᠵᠠᠰᠠᠵᠤ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠤᠯᠤᠰ ᠲᠥᠷᠥ ᠶᠢᠨ | ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭᠠᠨ ᠤ ᠠᠯᠪᠠᠨ ᠭᠡᠷ ᠪᠠ ᠬᠠᠮᠢᠶ᠎ᠠ ᠪᠦᠬᠦᠢ ᠠᠵᠢᠯᠯᠠᠬᠤ | ᠳᠤᠭᠤᠶᠢᠯᠠᠩ ᠤᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |