ᠬᠡᠭᠡᠷ᠎ᠡ ᠶᠢᠨ ᠠᠮᠢᠲᠠᠨ ᠢ ᠬᠠᠮᠠᠭᠠᠯᠠᠬᠤ  ᠬᠦᠮᠦᠨ ᠪᠦᠬᠦᠨ ᠤ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/9/2
    ᠣᠶᠢᠷ᠎ᠠ ᠳᠤ᠂  ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ  ᠂ ᠳᠤᠮᠳᠠᠳᠤ ᠤᠯᠤᠰ ᠤᠨ ᠭᠡᠭᠡᠷ᠎ᠡ ᠶᠢᠨ ᠠᠮᠢᠳᠠᠨ ᠤ ᠬᠠᠮᠠᠭᠠᠯᠠᠯᠳᠠ ᠶᠢᠨ ᠨᠡᠶᠢᠭᠡᠮᠯᠢᠭ ᠤᠨ ᠲᠠᠶᠢᠹᠤᠰᠧ ᠬᠤᠰᠢᠭᠤᠨ ᠤ  ᠨᠡᠬᠦᠳᠡᠯ  ᠤᠨ ᠰᠢᠪᠠᠭᠤᠳ ᠢ ᠬᠠᠮᠠᠭᠠᠯᠠᠬᠤ ᠠᠩᠭᠢ ᠨᠢ ᠬᠤᠯᠪᠤᠭᠠᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠦᠢᠯᠡᠳᠦᠯᠭᠡᠵᠢᠭᠦᠯᠬᠦ ᠪᠠᠷ ᠭᠤᠣᠯ ᠰᠡᠳᠦᠪ ᠪᠣᠯᠭᠠᠭᠰᠠᠨ ᠬᠡᠭᠡᠷ᠎ᠡ ᠶᠢᠨ ᠠᠮᠢᠲᠠᠨ ᠢ ᠪᠠᠶᠢᠭᠠᠯᠢ ᠳᠤᠨᠢ ᠪᠤᠴᠠᠭᠠᠬᠤ ᠵᠢᠴᠢ ᠬᠢᠨᠠᠯᠳᠠ ᠬᠡᠮᠵᠢᠯᠳᠡ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ 8 ᠰᠠᠷ᠎ᠠ ᠶᠢᠨ 20  ᠤ ᠡᠳᠦᠷ᠂ ᠬᠠᠮᠲᠤᠷᠠᠭᠰᠠᠨ ᠠᠩᠭᠢ ᠶᠢᠨ ᠬᠢᠨ ᠬᠤᠩ ᠴᠢ ᠪᠠᠯᠭᠠᠰᠤᠨ ᠤ  ᠶᠤᠸᠠᠢ ᠶᠢᠨ ᠲᠣᠰᠬᠤᠨ ᠳᠤ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠳᠠᠨ ᠪᠤᠯᠬᠤ ᠤᠷᠳᠤ ᠴᠢᠬᠢᠲᠦ ᠤᠭᠤᠯᠢ ᠪᠣᠯᠣᠨ ᠴᠤᠬᠤᠷ ᠴᠠᠬᠤᠯᠠᠢ ︵ᠤᠰᠤᠨ ᠰᠢᠪᠠᠭᠤ︶ ᠶᠢ  ᠡᠬᠡ ᠪᠠᠶᠢᠭᠠᠯᠢ ᠳᠤ ᠲᠠᠯᠪᠢᠵᠤ ᠨᠢᠰᠭᠡᠭᠰᠡᠨ ᠪᠠᠶᠢᠨ᠎ᠠ  ᠃  ᠠᠵᠢᠯᠳᠠᠳ ᠡᠨᠡ ᠬᠤᠶᠠᠷ ᠵᠢᠬᠦᠷᠳᠡᠨ ᠢ ᠤᠯᠵᠤ ᠠᠪᠤᠷᠠᠭᠰᠠᠨ ᠤ ᠲᠠᠷᠠᠭ᠎ᠠ  3 ᠰᠠᠷ᠎ᠠ ᠭᠠᠷᠤᠢ ᠶᠢᠨ ᠨᠢᠮᠪᠠᠢ ᠠᠷᠠᠴᠢᠯᠠᠭ᠎ᠠ ᠪᠠᠷ ᠲᠠᠮᠵᠢᠨ᠂ ᠨᠢᠰᠴᠦ ᠬᠠᠯᠢᠬᠤ ᠨᠥᠬᠦᠴᠡᠯ ᠢ ᠪᠦᠷᠢᠯᠳᠦᠬᠦᠯᠦᠭᠡᠳ ᠦᠨᠦᠳᠦᠷ ᠲᠠᠯᠪᠢᠵᠤ ᠨᠢᠰᠭᠡᠭᠡ ᠨᠢ ᠡᠨᠡ ᠪᠠᠶᠢᠵᠠᠢ᠃   ᠡᠨᠡ  ᠡᠳᠦᠷ ᠠᠵᠢᠯᠳᠠᠳ ᠪᠠᠰᠠ ᠠᠶᠢᠯ ᠲᠣᠰᠬᠤᠨ ᠲᠠᠷᠢᠶᠠᠨ ᠭᠠᠵᠠᠷ ᠲᠤ ᠬᠦᠨᠵᠡᠬᠡᠶᠢᠷᠡᠵᠦ᠂ ᠠᠮᠢᠲᠠᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠵᠢᠴᠢ ᠬᠡᠭᠡᠷ᠎ᠡ ᠶᠢᠨ ᠠᠮᠢᠲᠠᠨ ᠤ ᠬᠢᠨᠠᠨ ᠬᠡᠮᠵᠢᠯᠲᠡ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠶᠠᠪᠤᠴᠠ ᠳᠤ ᠰᠠᠨᠠᠭᠠᠴᠢᠯᠠᠭ᠎ᠠ ᠶᠢᠨ ᠪᠢᠴᠢᠭ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ  ᠢ ᠣᠯᠠᠨ ᠲᠦᠮᠡᠨ ᠳᠤ  ᠤᠬᠠᠭᠤᠯᠵᠤ᠂ ᠥᠷᠭᠡᠨ ᠣᠯᠠᠨ ᠲᠦᠮᠡᠨ ᠢ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠳᠤ ᠢᠳᠡᠪᠬᠢᠲᠡᠢ ᠤᠷᠤᠯᠴᠠᠨ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠤᠬᠠᠮᠰᠠᠷ   ᠠᠴᠠ ᠪᠠᠨ ᠡᠰᠡᠷᠭᠦᠴᠡᠨ ᠬᠤᠷᠢᠭᠯᠠᠵᠤ᠂ ᠬᠥᠮᠥᠨ ᠪᠠᠶᠢᠭᠠᠯᠢ ᠡᠶ᠎ᠡ ᠵᠤᠬᠢᠴᠠᠩᠭᠤᠢ ᠬᠠᠮᠲᠤ  ᠤᠷᠤᠭᠰᠢᠭᠰᠠᠨ ᠦᠵᠡᠰᠬᠦᠯᠡᠩᠲᠦ ᠰᠠᠶᠢᠬᠠᠨ ᠭᠡᠷ ᠣᠷᠣᠨ ᠢ  ᠪᠠᠶᠢᠭᠤᠯᠬᠤ ᠶᠢ ᠤᠷᠢᠶᠠᠯᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号