ᠲᠠᠶᠢᠹᠤᠰᠧ ᠬᠤᠰᠢᠭᠤ ᠡᠳ᠋ ᠪᠣᠳᠠᠰ ᠤᠨ ᠪᠠᠳᠤᠯᠠᠭᠠᠨ ᠤ ᠲᠤᠰᠬᠠᠢ ᠰᠡᠳᠦᠪᠲᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/20
    9 ᠰᠠᠷ᠎ᠠ ᠶᠢᠨ 19 ᠤ ᠡᠳᠦᠷ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠡᠳ᠋ ᠬᠤᠰᠢᠭᠤ ᠲᠠᠷᠤᠭ᠎ᠠ ᠶᠢᠨ ᠶᠦᠩ ᠾᠧ ᠡᠳ᠋ ᠪᠣᠳᠠᠰ ᠤᠨ ᠪᠠᠳᠤᠯᠠᠭᠠᠨ ᠤ ᠲᠤᠰᠬᠠᠢ ᠰᠡᠳᠦᠪᠲᠦ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠵᠤ᠂  ᠡᠳ᠋ ᠪᠣᠳᠠᠰ ᠤᠨ ᠲᠤᠬᠢᠷᠠᠭᠤᠯᠭ᠎ᠠ ᠶᠢᠨ ᠲᠤᠰᠬᠠᠢ ᠠᠩᠭᠢ ᠪᠠ ᠠᠮᠢᠳᠤᠷᠠᠯ ᠤᠨ ᠡᠳ᠋ ᠪᠣᠳᠠᠰ ᠤᠨ ᠪᠠᠳᠤᠯᠠᠭᠠᠨ ᠤ ᠲᠤᠰᠬᠠᠢ ᠠᠩᠭᠢ ᠶᠢ ᠵᠣᠬᠢᠶᠠᠨ ᠪᠠᠶᠢᠭᠤᠯᠵᠤ ︽ᠰᠢᠯᠢ ᠶᠢᠨ ᠭᠤᠣᠯ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠤᠳᠠᠳᠠᠢ ᠠᠵᠢᠯᠯᠠᠭᠠᠨ ᠤ ᠭᠠᠷ ᠠᠪᠤᠯᠭ᠎ᠠ︾  ᠶᠢ ᠲᠤᠰᠬᠠᠢ ᠰᠡᠳᠦᠪ ᠢᠶᠠᠷ ᠰᠤᠷᠤᠯᠴᠠᠭᠰᠠᠨ ᠪᠥᠭᠡᠳ ᠡᠳ᠋ ᠪᠣᠳᠠᠰ ᠤᠨ ᠪᠠᠳᠤᠯᠠᠭᠠᠨ ᠤ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠵᠠᠢ᠃ ᠬᠤᠷᠠᠯ ᠠᠴᠠ ᠵᠢᠭᠠᠵᠤ ᠭᠠᠷᠭᠠᠬᠤ  ᠳᠠᠭᠠᠨ᠂ ᠡᠳ᠋ ᠪᠣᠳᠠᠰ  ᠤᠨ ᠲᠤᠬᠢᠷᠠᠭᠤᠯᠭ᠎ᠠ ᠶᠢᠨ ᠲᠤᠰᠬᠠᠢ ᠠᠩᠭᠢ ᠪᠠ ᠠᠮᠢᠳᠤᠷᠠᠯ ᠤᠨ ᠡᠳ᠋ ᠪᠣᠳᠠᠰ ᠤᠨ ᠪᠠᠳᠤᠯᠠᠭᠠᠨ ᠤ ᠲᠤᠰᠬᠠᠢ ᠠᠩᠭᠢ ᠶᠢᠨ ᠡᠯ᠎ᠡ ᠭᠡᠰᠢᠬᠦᠨ ᠨᠢᠭᠡᠴᠡ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠰᠢᠯᠢ ᠶᠢᠨ ᠭᠤᠣᠯ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠤᠳᠠᠳᠠᠢ ᠠᠵᠢᠯᠯᠠᠭᠠᠨ ᠤ ᠭᠠᠷ ᠠᠪᠤᠯᠭ᠎ᠠ ︾   ᠶᠢᠨ  ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠳᠠᠭᠠᠯᠠᠴᠠ ᠨᠦᠬᠡᠴᠡ ᠶᠢᠨ ᠲᠤᠭ᠎ᠠ ᠬᠡᠮᠵᠢᠶ᠎ᠡ  ᠶᠢ ᠲᠣᠳᠣᠷᠬᠠᠢ ᠤᠶᠢᠯᠠᠭᠠᠨ᠂ ᠨᠢᠭᠡ ᠪᠦᠯᠦᠭ ᠲᠤᠲᠠᠭᠳᠠᠵᠤ ᠪᠠᠶᠢᠭ᠎ᠠ ᠡᠳ᠋ ᠪᠣᠳᠠᠰ ᠢ ᠴᠠᠭ ᠲᠤᠬᠠᠢ ᠳᠤᠨᠢ ᠤᠷᠤᠭᠤᠯᠤᠨ ᠨᠥᠭᠡᠴᠡᠯᠡᠵᠦ᠂ ᠡᠳ᠋ ᠪᠣᠳᠠᠰ ᠤᠨ ᠢᠷᠡᠯᠲᠡ  ᠨᠠᠶᠢᠳᠠᠪᠤᠷᠢᠲᠠᠢ᠂ ᠬᠠᠩᠭᠠᠯᠭ᠎ᠠ ᠲᠣᠭᠲᠠᠭᠤᠨ ᠪᠠᠶᠢᠬᠤ ᠶᠢ ᠪᠠᠳᠤᠯᠠᠬᠤ ᠭᠡᠷᠡᠭᠳᠡᠢ ᠬᠡᠵᠡᠢ᠃ ᠬᠤᠰᠢᠭᠤ  ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号