ᠬᠠᠯᠠᠭᠤᠨ ᠰᠡᠳᠬᠢᠯ ᠲᠠᠢ ᠠᠵᠢᠯᠳᠠᠳ ᠬᠠᠨᠤᠮᠵᠢ ᠰᠠᠶᠢᠳᠠᠢ ᠦᠢᠯᠡᠴᠢᠯᠡᠭᠡ
ᠨᠡᠶᠢᠲᠡᠯᠡᠭᠰᠡᠨ ᠴᠠᠭ᠄
2022/9/20
    ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠲᠥᠪᠯᠡᠷᠡᠭᠦᠯᠦᠨ ᠲᠤᠰᠠᠭᠠᠷᠯᠠᠬᠤ ᠭᠠᠵᠠᠷ  ᠬᠡᠮᠡᠬᠦ ᠣᠨᠴᠠᠭᠠᠶ ᠲᠠᠶᠢᠨ ᠤ ᠲᠠᠯᠠᠪᠤᠷ ᠪᠤᠢ᠂ ᠠᠳᠡ ᠡᠪᠡᠳᠴᠢᠨ ᠬᠢᠵᠢᠭ ᠤᠨ ᠰᠢᠯᠳᠠᠭᠠᠨ ᠠᠴᠠ ᠪᠤᠯᠵᠤ  ᠲᠤᠰᠠᠭᠠᠷᠯᠠᠯ ᠳᠤ ᠤᠷᠤᠭᠰᠠᠨ ᠬᠥᠮᠥᠰ ᠪᠠᠶᠢᠬᠤ ᠪᠠᠷ ᠪᠠᠷᠠᠬᠤ ᠦᠭᠡᠢ᠂ ᠪᠠᠰᠠ ᠨᠢᠬᠡ ᠪᠦᠯᠦᠭ ᠪᠥᠬᠦ ᠰᠡᠳᠬᠢᠯ ᠪᠥᠬᠦ ᠵᠣᠷᠢᠭ ᠢᠶᠠᠷ  ᠲᠤᠰᠠᠭᠠᠷᠯᠠᠭᠳᠠᠭᠰᠠᠳ ᠲᠤ ᠦᠢᠯᠡᠴᠢᠯᠡᠳᠡᠭ ᠡᠮᠴᠢ ᠰᠤᠪᠢᠯᠠᠭᠴᠢ ᠪᠠ ᠺᠠᠳ᠋ᠷ ᠠᠵᠢᠯᠲᠠᠨ ᠪᠠᠶᠢᠳᠠᠭ᠃  ᠲᠠᠶᠢᠹᠤᠰᠧ ᠬᠤᠰᠢᠭᠤᠨ   ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠪᠴᠢᠶᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠡᠳ᠋ ᠳᠠᠷᠤᠭ᠎ᠠ ᠯᠢᠦ ᡁᠢ ᠭᠠᠩ ᠪᠣᠯᠣᠨ ᠬᠤᠰᠢᠭᠤ ᠡᠮᠨᠡᠯᠭᠡ ᠶᠢᠨ ᠬᠤᠷᠢᠶᠠᠨ ᠤ ᠰᠤᠪᠢᠯᠠᠭᠴᠢ ᠵᠠᠩ ᠳ᠋ᠦᠩ ᠴᠢᠩ ᠪᠤᠯ ᠲᠡᠳᠡᠨ ᠤ ᠲᠤᠳᠤᠷᠠᠬᠢ ᠨᠢᠬᠡᠨ ᠪᠢᠯᠡ᠃      ᠲᠤᠰᠠᠭᠠᠷᠯᠠᠬᠤ ᠴᠡᠭ ᠤᠨ ᠳᠠᠷᠤᠭ᠎ᠠ ᠪᠣᠯᠤᠭᠰᠠᠨ ᠤ ᠬᠤᠪᠢ ᠳᠤ᠂ ᠯᠢᠦ ᡁᠢ ᠭᠠᠩ ᠲᠤᠤᠷᠠᠬᠢ ᠠᠵᠢᠯᠳᠠᠳ ᠢᠶᠠᠨ ᠳᠠᠭᠠᠭᠤᠯᠵᠤ᠂ ᠡᠳᠦᠷ ᠪᠦᠷᠢ ᠣᠷᠴᠢᠨ ᠲᠣᠭᠤᠷᠢᠨ ᠢ ᠠᠷᠢᠭᠤᠳᠬᠠᠨ ᠴᠡᠪᠡᠷᠯᠡᠬᠦ  ᠶᠢᠨ ᠬᠠᠮᠳᠤ᠂ ᠡᠮᠴᠢ ᠰᠤᠪᠢᠯᠠᠭᠴᠢᠳ ᠢ ᠬᠠᠪᠰᠤᠷᠤᠨ ᠪᠥᠭᠡᠮ ᠬᠦᠴᠢᠯ  ᠤᠨ ᠪᠠᠶᠢᠴᠠᠭᠠᠯᠳᠠ᠂ ᠢᠳᠡᠭᠡᠨ ᠤᠮᠳᠠᠭᠠᠨ ᠢ  ᠬᠤᠪᠢᠳᠠᠨ ᠲᠠᠷᠬᠠᠭᠠᠬᠤ᠂ ᠠᠮᠢᠳᠤᠷᠠᠯ ᠤᠨ ᠬᠤᠭ ᠨᠣᠪᠰᠢ  ᠪᠠ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ  ᠴᠤᠭᠯᠠᠭᠤᠯᠤᠨ ᠰᠢᠢᠳᠪᠦᠷᠢᠯᠡᠬᠦ  ᠂  ᠲᠤᠰᠠᠭᠠᠷᠯᠠᠭᠳᠠᠭᠰᠠᠨ ᠬᠦᠮᠦᠰ ᠤᠨ  ᠪᠡᠶ᠎ᠡ ᠰᠡᠳᠬᠢᠴᠡ ᠶᠢᠨ ᠪᠠᠶᠢᠳᠠᠯ ᠢ ᠬᠤᠷᠢᠶᠠᠩᠭᠤᠶᠢᠯᠠᠨ ᠮᠡᠳᠡᠬᠦᠯᠬᠦ ᠵᠡᠷᠭᠡ ᠠᠯᠢ ᠤᠯᠠᠨ ᠠᠵᠢᠯ ᠢ ᠡᠬᠦᠷᠭᠡᠯᠡᠵᠦ ᠢᠷᠡᠵᠡᠢ᠃ ᠯᠢᠦ ᡁᠢ ᠭᠠᠩ ᠬᠤᠶᠠᠷ ᠵᠢᠭᠠᠯ ᠬᠡᠦᠬᠡᠳ ᠲᠠᠢ᠂  ᠲᠤᠰᠠᠭᠠᠷᠯᠠᠬᠤ ᠴᠡᠭ ᠲᠤ ᠲᠤᠮᠢᠯᠠᠭᠳᠠᠭᠰᠠᠨ ᠠᠴᠠ ᠨᠠᠰᠢ᠂  ᠠᠷᠤ ᠭᠡᠷ ᠤᠨ ᠠᠯᠢᠪᠠ ᠶᠠᠪᠤᠳᠠᠯ ᠢ ᠪᠦᠷ ᠡᠬᠡᠨᠡᠷ ᠨᠢ ᠭᠠᠭᠴᠠᠭᠠᠷ ᠡᠬᠦᠷᠭᠡᠯᠡᠬᠦ ᠪᠤᠯᠵᠠᠢ᠃ ︽ᠡᠨᠡ ᠵᠢᠯ ᠤᠨ ᠲᠡᠷᠭᠡᠯ ᠰᠠᠷᠠᠨ ᠤ ᠪᠠᠶᠠᠷ  ᠢᠶᠠᠷ ᠠᠪᠤ ᠨᠢ ᠭᠡᠷ ᠲᠡᠭᠡᠨ ᠬᠠᠷᠢᠵᠤ ᠲᠠ ᠨᠠᠷ ᠲᠤ ᠬᠠᠨᠢ ᠪᠣᠯᠵᠤ ᠴᠢᠳᠠᠬᠤ ᠦᠭᠡᠢ ᠪᠣᠯᠵᠠᠢ᠂ ᠲᠠ ᠨᠠᠷ ᠡᠵᠢ   ᠶᠢᠨ   ᠢᠶᠠᠨ ᠦᠭᠡ   ᠶᠢ ᠰᠠᠶᠢᠬᠠᠨ ᠰᠣᠨᠣᠰᠬᠤ ᠬᠡᠷᠡᠭᠲᠡᠢ᠂᠂᠂᠂᠂᠂︾  ᠃  ᠪᠠᠶᠠᠷ ᠳᠤᠷᠠᠰᠬᠠᠯ ᠤᠨ ᠡᠳᠦᠷ ᠭᠡᠷ ᠲᠡᠭᠡᠨ ᠬᠠᠷᠢᠵᠤ ᠠᠪᠠᠭᠠᠢ ᠬᠡᠦᠭᠡᠳ  ᠲᠠᠢ ᠪᠠᠨ ᠬᠠᠮᠳᠤ ᠦᠩᠭᠡᠷᠡᠭᠡᠵᠦ ᠲᠡᠶᠢᠯᠦᠬᠡᠳᠦᠢ ᠪᠣᠯᠪᠠᠴᠤ ᠲᠤᠰᠠᠭᠠᠷᠯᠠᠬᠤ ᠴᠡᠭ ᠤᠨ ᠶᠡᠭᠡ ᠪᠠᠭ᠎ᠠ ᠤᠴᠢᠷ ᠶᠠᠪᠤᠳᠠᠯ   ᠢ  ᠨᠠᠷᠢᠨ ᠨᠢᠮᠪᠠᠢ ᠬᠠᠷᠢᠭᠤᠴᠠᠨ ᠬᠦᠢᠴᠡᠳᠭᠡᠵᠦ᠂  ᠲᠤᠰᠠᠭᠠᠷᠯᠠᠭᠳᠠᠭᠰᠠᠨ ᠤᠯᠠᠨ ᠲᠦᠮᠡᠨ ᠢ ᠬᠠᠨᠤᠮᠵᠢᠳᠠᠢ ᠰᠠᠶᠢᠬᠠᠨ ᠪᠠᠶᠢᠯᠭᠠᠬᠤ ᠨᠢ ᠯᠢᠦ ᡁᠢ ᠭᠠᠩ ᠳᠤ ᠠᠪᠴᠤ ᠬᠡᠯᠡᠪᠡᠯ ᠨᠡᠩ ᠶᠡᠭᠡ ᠤᠳᠬ᠎ᠠ ᠠᠭᠤᠯᠭ᠎ᠠ ᠲᠠᠢ ᠠᠵᠢᠯ ᠪᠤᠯᠤᠭᠰᠠᠨ ᠶᠤᠮ ᠃       ᠵᠠᠩ ᠳ᠋ᠦᠩ ᠴᠢᠩ ᠪᠤᠯ ᠲᠤᠰᠠᠭᠠᠷᠯᠠᠭᠳᠠᠭᠰᠠᠨ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠬᠠᠷᠢᠭᠤᠴᠠᠳᠠᠭ᠃ ᠡᠷ᠎ᠡ ᠨᠥᠬᠦᠷ ᠨᠢ ᠴᠤ ᠡᠮᠴᠢ ᠬᠦᠮᠦᠨ ᠪᠤᠯᠬᠤᠷ ᠡᠮᠨᠡᠯᠭᠡ ᠶᠢᠨ ᠬᠤᠷᠢᠶ᠎ᠠ ᠪᠠ ᠠᠷᠤ ᠭᠡᠷ ᠤᠨ ᠢᠶᠠᠨ ᠬᠤᠭᠤᠷᠣᠨᠳᠤ  ᠤᠨᠠᠭᠰᠠᠨ ᠮᠠᠯᠠᠭᠠᠢ ᠰᠢᠬᠦᠷᠬᠦ ᠵᠠᠪ ᠦᠬᠡᠢ ᠬᠦᠶᠦᠵᠦ᠂  ᠬᠤᠶᠠᠷ ᠬᠡᠦᠬᠡᠳ   ᠢᠶᠠᠨ ᠠᠪᠤ ᠡᠵᠢ   ᠳᠡᠭᠡᠨ ᠨᠠᠶᠢᠳᠠᠵᠤ ᠬᠠᠷᠠᠭᠠᠯᠵᠠᠭᠤᠯᠬᠤ ᠠᠴᠠ ᠦᠬᠡᠷ᠎ᠡ ᠠᠷᠭ᠎ᠠ ᠦᠬᠡᠢ ᠪᠤᠯᠵᠠᠢ᠃ ︽ᠭᠡᠷ ᠤᠨ ᠬᠥᠮᠥᠰ ᠤᠨ ᠣᠶᠢᠯᠠᠭᠠᠯᠲᠠ ᠪᠠ ᠳᠡᠮᠵᠢᠯᠭᠡ ᠪᠠᠶᠢᠮᠠᠨᠵᠢᠨ  ᠪᠢ ᠠᠳᠡ ᠰᠠᠨᠠᠭ᠎ᠠ ᠠᠮᠤᠷ ᠠᠵᠢᠯᠯᠠᠵᠤ ᠴᠢᠳᠠᠯ᠎ᠠ︾  ᠬᠡᠵᠦ ᠭᠡᠷ ᠤᠨ ᠢᠶᠠᠨ ᠪᠠᠶᠢᠳᠠᠯ ᠢ ᠶᠠᠷᠢᠬᠤ ᠪᠦᠷᠢ ᠵᠠᠩ ᠳ᠋ᠦᠩ ᠴᠢᠩ ᠭᠦᠨ ᠲᠥᠷᠥᠭᠳᠡᠯ ᠲᠠᠢ ᠪᠠᠶᠢᠳᠠᠭ᠃     ᠲᠤᠰᠠᠭᠠᠷᠯᠠᠬᠤ ᠴᠡᠭ ᠤᠳ ᠲᠤ ᠯᠢᠦ ᡁᠢ ᠭᠠᠩ᠂ ᠵᠠᠩ ᠳ᠋ᠦᠩ ᠴᠢᠩ ᠮᠡᠲᠦ ᠶᠢᠨ ︽ᠬᠢᠵᠢᠭ  ᠲᠠᠢ ᠲᠡᠮᠡᠴᠡᠭᠴᠢ︾ ᠪᠠᠰᠠ ᠮᠠᠰᠢ ᠣᠯᠠᠨ ᠪᠠᠶᠢᠭ᠎ᠠ᠃  ᠲᠡᠳᠡᠨ ᠤ ᠲᠤᠳᠤᠷ᠎ᠠ ᠡᠮᠴᠢ ᠰᠤᠪᠢᠯᠠᠭᠴᠢ ᠪᠠ ᠦᠢᠯᠡᠴᠢᠯᠡᠭᠴᠢ᠂ ᠠᠷᠢᠭᠤᠳᠬᠠᠭᠴᠢ᠂  ᠪᠦᠷᠢᠳᠭᠡᠨ ᠮᠡᠳᠡᠬᠦᠯᠦᠭᠴᠢ  ᠂ ᠰᠡᠳᠬᠢᠴᠡ ᠶᠢᠨ ᠵᠢᠯᠤᠭᠤᠳᠤᠭᠴᠢ᠂  ᠠᠮᠤᠷ ᠢ ᠬᠠᠮᠠᠭᠠᠯᠠᠭᠴᠢ ᠁  ᠨᠡᠷ ᠪᠤᠢ᠃  ᠡᠳᠦᠷ ᠰᠥᠨᠢ ᠦᠬᠡᠢ  ᠶᠠᠭᠠᠷᠠᠵᠤ  ᠨᠤᠷᠢ ᠬᠤᠭᠤᠯᠠ   ᠪᠠᠨ ᠮᠠᠷᠳᠠᠬᠤ ᠨᠢ ᠲᠡᠳᠡᠨ ᠳᠤ ᠠᠪᠴᠤ ᠬᠡᠯᠡᠪᠡᠯ ᠬᠡᠪ ᠤᠨ ᠪᠠᠶᠢᠳᠠᠯ ᠪᠤᠯᠵᠠᠢ᠃  ᠲᠤᠰᠠᠭᠠᠷᠯᠠᠭᠳᠠᠭᠰᠠᠨ ᠬᠥᠮᠥᠰ ᠲᠤ ᠬᠠᠶᠢᠷ᠎ᠠ ᠬᠠᠯᠠᠮᠵᠢ ᠬᠦᠷᠭᠡᠬᠦ ᠶᠢᠨ ᠲᠥᠯᠥᠭᠡ᠂  ᠠᠵᠢᠯᠳᠠᠳ ᠪᠠ ᠲᠤᠰᠠᠭᠠᠷᠯᠠᠭᠳᠠᠭᠰᠠᠳ ᠤᠨ ᠲᠦᠷ ᠴᠠᠭ ᠤᠨ ᠸᠢᠴᠠᠲ ᠬᠤᠯᠪᠤᠭ᠎ᠠ ᠶᠢ ᠪᠠᠶᠢᠭᠤᠯᠤᠭᠠᠳ ᠂ ᠡᠳᠦᠷ ᠪᠦᠷᠢ ᠪᠠᠶᠢᠳᠠᠯ ᠢ ᠠᠰᠠᠭᠤᠨ ᠯᠠᠪᠯᠠᠵᠤ᠂ ᠴᠢᠨᠠᠷ ᠰᠠᠶᠢᠳᠠᠢ ᠦᠢᠯᠡᠴᠢᠯᠡᠭᠡ ᠦᠵᠡᠬᠦᠯᠵᠦ᠂   ᠱᠠᠭᠠᠷᠳᠠᠯᠭ᠎ᠠ ᠬᠡᠷᠡᠭᠴᠡᠭᠡ ᠶᠢ   ᠨᠢ ᠠᠯᠢ ᠴᠢᠳᠠᠬᠤ ᠪᠠᠷ ᠬᠠᠩᠭᠠᠨ᠎ᠠ᠃     ︽ᠭᠠᠷ ᠤᠲᠠᠰᠤᠨ ᠤ ᠴᠠᠬᠢᠯᠭᠠᠨ ᠴᠡᠨᠡᠭᠯᠡᠬᠦ ᠤᠲᠠᠰᠤ ᠪᠠᠨ ᠮᠠᠷᠲᠠᠴᠢᠬᠠᠵᠠᠢ᠂  ᠨᠢᠭᠡ ᠶᠢ ᠬᠦᠷᠭᠡᠵᠦ ᠦᠭᠬᠦᠨ᠎ᠡ ᠤᠤ  ︾᠂ ︽ᠬᠡᠦᠬᠡᠳ ᠤᠨ ᠳᠠᠰᠬᠠᠯ ᠤᠨ ᠳᠡᠪᠲᠡᠷ ᠨᠢ ᠬᠡᠷᠡᠭᠯᠡᠭᠡᠳ ᠪᠠᠷᠠᠴᠢᠬᠠᠯ᠎ᠠ᠂  ᠮᠠᠨ ᠢ ᠬᠠᠪᠰᠤᠷᠴᠤ ᠬᠤᠳᠠᠯᠳᠤᠨ ᠠᠪᠴᠤ  ᠦᠭᠬᠦ ᠪᠤᠯᠪᠠᠤ︾ ᠁  ᠬᠦᠨᠳᠦ ᠭᠡᠴᠡᠬᠦᠦ ᠣᠷᠴᠢᠨ ᠨᠦᠬᠦᠴᠡᠯ ᠳᠤ ᠡᠶᠢᠮᠦ ᠡᠶᠢᠮᠦᠷᠬᠦ ᠰᠡᠳᠬᠢᠯ ᠲᠤᠯᠠᠭᠠᠴᠠᠭᠤᠯᠵᠤ ᠵᠢᠷᠦᠬᠡ ᠲᠤᠭᠳᠤᠯᠤᠭᠤᠯᠤᠭᠰᠠᠨ ᠦᠯᠢᠭᠡᠷ ᠤᠳ ᠦᠷᠬᠦᠯᠵᠢᠯᠡᠵᠦ ᠪᠠᠶᠢᠯ᠎ᠠ᠃        ︽ᠲᠤᠰᠠᠭᠠᠷᠯᠠᠯ ᠳᠤ ᠤᠷᠤᠭᠰᠠᠨ ᠡᠳᠡᠭᠡᠷ ᠡᠳᠦᠷ ᠬᠤᠨᠤᠭ ᠤᠳ ᠲᠤ᠂  ᠬᠠᠯᠠᠭᠤᠨ ᠰᠡᠳᠬᠢᠯᠳᠦ ᠠᠵᠢᠯᠳᠠᠳ  ᠤᠨ ᠬᠠᠶᠢᠷ᠎ᠠ ᠬᠠᠯᠠᠮᠵᠢ ᠶᠢ ᠪᠠᠭ᠎ᠠ ᠦᠬᠡᠢ ᠬᠦᠷᠳᠡᠭᠰᠡᠨ᠂  ᠠᠵᠢᠯᠳᠠᠳ ᠮᠠᠰᠢ ᠬᠠᠯᠠᠭᠤᠮᠰᠠᠭ ᠳᠣᠲᠣᠨᠣ᠂  ᠬᠤᠭᠤᠯᠠ ᠤᠮᠳᠠ ᠨᠢ ᠴᠤ  ᠠᠮᠳᠠ ᠰᠢᠮ᠎ᠡ ᠲᠠᠢ᠂  ᠲᠡ ᠪᠦᠬᠦᠨ ᠤ ᠬᠠᠶᠢᠷ᠎ᠠ ᠬᠠᠯᠠᠮᠵᠢ ᠬᠦᠯᠦᠰᠦ ᠬᠦᠳᠡᠯᠮᠦᠷᠢ ᠳᠤ ᠲᠠᠯᠠᠷᠬᠠᠵᠤ ᠪᠠᠶᠢᠨ᠎ᠠ  ᠂  ᠪᠢᠳᠡᠨ ᠤ ᠲᠦᠯᠦᠭᠡ ᠦᠨᠡᠭᠡᠷ ᠵᠦᠳᠡᠷᠡᠯ᠎ᠡ᠂᠂᠂᠂᠂᠂︾  ᠭᠡᠰᠡᠨ ᠵᠢᠷᠦᠬᠡ ᠰᠡᠳᠬᠢᠯ ᠠᠴᠠ ᠤᠨᠳᠤᠷᠤᠭᠰᠠᠨ ᠪᠠᠶᠠᠷ ᠲᠠᠯᠠᠷᠬᠠᠯ ᠤᠨ ᠦᠬᠡ  ᠨᠢᠬᠡᠪᠦᠷᠢ ᠨᠢ ᠲᠤᠰᠠᠭᠠᠷᠯᠠᠬᠤ ᠴᠡᠭ ᠤᠨ ᠪᠦᠬᠦᠶᠢᠯᠡ ᠠᠵᠢᠯᠲᠠᠨ ᠳᠤ ᠦᠭᠬᠦᠭᠰᠡᠨ ᠳᠡᠭᠡᠳᠦ ᠬᠡᠮᠵᠢᠶᠡᠨ ᠤ ᠦᠨᠡᠯᠡᠯᠳᠡ ᠪᠤᠶᠤ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号