30 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠲᠠᠢ ᠲᠠᠷᠢᠶᠠᠯᠠᠩ ᠤᠨ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠲᠠᠶᠢᠹᠤᠰᠧ ᠬᠤᠰᠢᠭᠤᠨ ᠳᠤ  ᠨᠤᠳᠤᠭᠰᠢᠬᠤ ᠪᠠᠷ ᠪᠤᠯᠪᠠ
ᠨᠡᠶᠢᠲᠡᠯᠡᠭᠰᠡᠨ ᠴᠠᠭ᠄
2022/9/20
  ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠪᠡᠭᠡᠵᠢᠩ ᠬᠤᠲᠠ ᠶᠢᠨ ᠬᠠᠮᠪᠰᠤᠷᠤᠨ ᠲᠡᠳᠬᠦᠬᠦ ᠬᠠᠮᠲᠤᠷᠠᠯᠴᠠᠭᠠᠨ ᠤ ᠠᠵᠢᠯ ᠤᠨ ᠠᠯᠪᠠᠨ ᠭᠡᠷ ᠠᠴᠠ ᠡᠷᠭᠢᠯᠡᠭᠰᠡᠨ ︽ 2022 ᠣᠨ ᠤ ᠪᠡᠭᠡᠵᠢᠩ ᠦᠪᠦᠷ ᠮᠣᠩᠭᠤᠯ ᠤᠨ ᠠᠵᠤ ᠦᠢᠯᠡᠰ ᠤᠨ ᠵᠤᠯᠭᠠᠯᠴᠠᠭᠠᠨ ᠤ ᠡᠬᠢᠯᠡᠯᠲᠡ ᠶᠢᠨ ᠶᠣᠰᠣᠯᠠᠯ︾ ᠳᠡᠭᠡᠷ᠎ᠡ᠂  ᠲᠠᠶᠢᠹᠤᠰᠧ ᠬᠤᠰᠢᠭᠤ ᠨᠢ ᠪᠡᠭᠡᠵᠢᠩ ᠤᠨ ᠺᠠᠢ ᠳ᠋ᠠ ᠾᠧᠩ ᠶᠧ ᠲᠠᠷᠢᠶᠠᠯᠠᠩ ᠤᠨ  ᠮᠡᠷᠭᠡᠵᠢᠯ ᠤᠨ  ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠯᠤᠭ᠎ᠠ 30 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠲᠠᠢ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠦᠷᠦᠯ ᠵᠦᠢᠯ  ᠤᠨ ᠭᠡᠷ᠎ᠡ ᠲᠤᠭᠳᠠᠵᠠᠢ᠃      ᠪᠡᠭᠡᠵᠢᠩ ᠤᠨ ᠺᠠᠢ ᠳ᠋ᠠ ᠾᠧᠩ ᠶᠧ ᠲᠠᠷᠢᠶᠠᠯᠠᠩ ᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠪᠣᠯ ᠲᠠᠷᠢᠶᠠᠯᠠᠩ ᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠬᠢᠬᠦ᠂ ᠮᠡᠷᠭᠡᠵᠢᠯ ᠤᠨ ᠵᠥᠪᠯᠡᠯᠭᠡ ᠦᠭᠬᠦ᠂ ᠮᠡᠷᠭᠡᠵᠢᠯ ᠤᠨ ᠪᠣᠯᠪᠠᠰᠤᠷᠠᠯ ᠡᠷᠬᠢᠯᠡᠬᠦ ᠵᠡᠷᠭᠡ ᠲᠤᠬᠠᠶᠢᠯᠠᠭᠰᠠᠨ ᠠᠵᠢᠯ ᠢ ᠡᠷᠭᠢᠯᠡᠨ ᠬᠢᠳᠡᠭ ᠺᠣᠮᠫᠠᠨᠢ ᠪᠤᠯᠤᠨ᠎ᠠ᠃  ᠡᠨᠡ ᠵᠢᠯ᠂ ᠲᠤᠰ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠴᠠᠩ ᠠᠨ ᠵᠡᠷᠭᠡ ᠬᠦᠮᠦᠰ ᠲᠠᠶᠢᠹᠤᠰᠧ ᠬᠤᠰᠢᠭᠤᠨ ᠳᠤ ᠤᠷᠢᠭᠳᠠᠨ ᠢᠷᠡᠵᠦ  ᠂ ᠲᠥᠮᠥᠰᠥᠨ ᠤ ᠠᠵᠤ ᠦᠢᠯᠡᠰ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭ᠋ᠭᠰᠠᠨ ᠪᠥᠭᠡᠳ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠨᠠᠷ ᠴᠤ ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠺᠠᠢ ᠳ᠋ᠠ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠥᠷᠥᠯ ᠵᠦᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ ᠳᠤ ᠰᠠᠨᠠᠯ ᠨᠢᠬᠡᠳᠴᠡᠢ᠃       ᠡᠨᠡ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠪᠤᠯ ᠨᠡᠶᠢᠲᠡ 30 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠲᠠᠢ ᠲᠦᠮᠦᠰᠦᠨ ᠤ  ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠪᠤᠯᠤᠨ᠎ᠠ᠃  ᠡᠬᠦᠨ ᠳᠤ ᠪᠠᠷᠤᠭ1500 ᠮᠦ ᠭᠠᠵᠠᠷ ᠲᠠᠯᠠᠪᠠᠢ ᠭᠡᠷᠡᠭᠯᠡᠵᠦ᠂ ᠲᠥᠮᠥᠰᠥᠨ ᠤ ᠭᠡᠷᠴᠢᠮᠡᠯ ᠤᠨ ᠦᠢᠯᠡᠳᠪᠦᠷᠢ᠂  ᠬᠡᠢ ᠲᠤᠬᠢᠷᠠᠭᠤᠯᠭ᠎ᠠ ᠶᠢᠨ ᠬᠥᠮᠥᠷᠭᠡ᠂   ᠤᠶᠤᠨᠴᠢ ᠬᠦᠢᠲᠡᠨ ᠬᠥᠮᠥᠷᠭᠡ᠂ ᠶᠠᠰᠤ ᠴᠢᠨᠠᠷ ᠤᠨ ᠪᠠᠶᠢᠴᠠᠭᠠᠯᠲᠠ ᠶᠢᠨ ᠲᠥᠪ᠂ ᠳᠠᠷᠢᠵᠤ ᠬᠤᠷᠢᠶᠠᠬᠤ ᠠᠦ᠋ᠲ᠋ᠣᠴᠢᠯᠠᠭᠰᠠᠨ ᠲᠠᠷᠢᠶᠠᠯᠠᠩ ᠤᠨ ᠮᠠᠰᠢᠨ᠂ ᠵᠢᠯᠣᠭᠤᠴᠢ ᠦᠭᠡᠢ ᠨᠢᠰᠬᠡᠯ ᠤᠨ ᠦᠢᠯᠡᠴᠢᠯᠡᠭᠡᠨ ᠤ ᠲᠥᠪ᠂ ᠥᠨᠳᠥᠷ ᠪᠠᠷᠢᠮᠵᠢᠶᠠᠲᠤ  ᠤᠰᠤᠵᠢᠭᠤᠯᠤᠭᠰᠠᠨ ᠲᠠᠷᠢᠶ᠎ᠠ ︵ᠦᠷ᠎ᠡ ᠶᠢᠨ ᠰᠠᠭᠤᠷᠢᠨ ᠭᠠᠵᠠᠷ ᠪᠠᠭᠲᠠᠨ᠎ᠠ︶᠂   ᠲᠥᠮᠥᠰᠥ ᠳᠠᠷᠢᠬᠤ ᠰᠠᠭᠤᠷᠢᠨ ᠭᠠᠵᠠᠷ ︵ᠡᠭᠡᠯᠵᠢᠯᠡᠨ ᠳᠠᠷᠢᠬᠤ 40 ᠲᠦᠮᠡᠨ ᠮᠦ ᠲᠠᠷᠢᠶᠠᠨ ᠭᠠᠵᠠᠷ ᠪᠠᠭᠲᠠᠨ᠎ᠠ︶ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠲᠦᠬᠦᠭᠡᠷᠦᠮᠵᠢ ᠶᠢ ᠪᠠᠶᠢᠭᠤᠯᠤᠨ᠎ᠠ᠃ ᠲᠦᠷᠦᠯ ᠵᠦᠢᠯ  ᠪᠡᠶᠡᠯᠡᠭᠳᠡᠵᠦ ᠠᠰᠢᠭᠯᠠᠯᠳᠠ ᠳᠤ ᠣᠷᠣᠭᠰᠠᠨ ᠤ ᠲᠠᠷᠠᠭ᠎ᠠ᠂  ᠲᠠᠶᠢᠹᠤᠰᠧ ᠬᠤᠰᠢᠭᠤᠨ ᠤ ᠲᠦᠮᠦᠰᠦᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠪᠠ ᠬᠡᠯᠪᠡᠷᠢ ᠶᠢᠨ ᠬᠤᠪᠢᠷᠠᠭᠤᠯᠤᠯᠳᠠ ᠶᠢ ᠴᠢᠨᠠᠭᠰᠢᠳᠠ ᠠᠬᠢᠭᠤᠯᠵᠤ᠂ ᠠᠵᠤ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠬᠦ ᠪᠣᠯᠣᠨ᠎ᠠ᠃ ᠵᠢᠱᠢᠯᠲᠡ ᠪᠠᠷ᠂ ᠵᠢᠯ ᠤᠨ ᠦᠢᠯᠡᠳᠪᠦᠷᠢᠯᠡᠯ ᠤᠨ ᠦᠷᠳᠡᠭ 40 ᠳ᠋ᠦᠩᠰᠢᠭᠤᠷ ᠲᠥᠭᠦᠷᠢᠭ   ᠲᠤ ᠬᠦᠷᠴᠦ᠂  ᠲᠤᠰᠢᠶᠠᠬᠤ ᠭᠠᠶᠢᠯᠢ 6 ᠳ᠋ᠦᠩᠰᠢᠭᠤᠷ ᠲᠥᠭᠦᠷᠢᠭ ᠲᠤ ᠬᠦᠷᠬᠦ ᠪᠦᠭᠡᠳ 500 ᠬᠥᠮᠥᠨ ᠤ ᠠᠵᠢᠯ ᠤᠯᠭᠤᠯᠳᠠ ᠶᠢ ᠪᠡᠶᠡᠯᠡᠬᠦᠯᠬᠦ ᠪᠠᠷ ᠪᠠᠶᠢᠨ᠎ᠠ ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号