ᠲᠸᠦ ᠬᠤᠤ ᠲᠣᠰᠬᠤᠨ ᠤ ᠲᠠᠷᠢᠶᠠᠴᠢᠳ ᠪᠡᠶ᠎ᠡ ᠴᠢᠭᠢᠷᠠᠭᠵᠢᠭᠤᠯᠬᠤ ᠲᠦᠬᠦᠭᠡᠷᠦᠮᠵᠢ ᠲᠠᠢ ᠪᠤᠯᠤᠯ᠎ᠠ
ᠨᠡᠶᠢᠲᠡᠯᠡᠭᠰᠡᠨ ᠴᠠᠭ᠄
2022/9/20
   ︽ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠪᠢᠳᠡᠨ ᠳᠤ ᠪᠡᠶ᠎ᠡ ᠴᠢᠬᠢᠷᠠᠭᠵᠢᠭᠤᠯᠬᠤ ᠲᠦᠬᠦᠭᠡᠷᠦᠮᠵᠢ ᠤᠭᠰᠠᠷᠠᠵᠤ ᠥᠭᠭᠦᠭᠰᠡᠨ ᠳᠤ ᠲᠠᠯᠠᠷᠬᠠᠵᠤ ᠪᠠᠶᠢᠨ᠎ᠠ᠂ ᠴᠢᠯᠦᠭᠡ ᠵᠠᠪ ᠢᠶᠠᠷ ᠢᠶᠠᠨ ᠠᠳᠡ ᠢᠷᠡᠵᠤ ᠪᠡᠶ᠎ᠡ ᠪᠠᠨ ᠪᠣᠯᠪᠠᠰᠤᠷᠠᠭᠤᠯᠵᠤ᠂ ᠰᠣᠶᠣᠯ ᠤᠨ ᠠᠮᠢᠳᠤᠷᠠᠯ ᠢᠶᠠᠨ ᠪᠠᠶᠠᠯᠢᠭᠵᠢᠭᠤᠯᠵᠤ ᠪᠣᠯᠣᠨ᠎ᠠ︾  ᠬᠡᠮᠡᠨ  ᠴᠢᠴᠢᠭᠦᠷ ᠪᠥᠮᠪᠦᠭᠡ ᠶᠢᠨ ᠰᠢᠷᠡᠭᠡ᠂ ᠰᠠᠭᠰᠤᠨ ᠪᠥᠮᠪᠦᠭᠡ ᠶᠢᠨ ᠵᠢᠶᠠᠰᠠ ᠶᠢ ᠬᠠᠷᠠᠭᠠᠳ ᠴᠢᠶᠠᠨ ᠶᠢᠨ ᠭᠧᠦ ᠪᠠᠯᠭᠠᠰᠤᠨ ᠤ  ᠲᠸᠦ ᠬᠤᠤ ᠲᠣᠰᠬᠤᠨ ᠤ  ᠸᠠᠩ ᠤᠪᠤᠭᠳᠤ ᠲᠠᠷᠢᠶᠠᠴᠢᠨ ᠪᠠᠶᠠᠷᠲᠠᠢ ᠪᠠᠷ ᠶᠠᠷᠢᠨ᠎ᠠ᠃ ᠡᠨᠡ ᠪᠣᠯ ᠲᠸᠦ ᠬᠤᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ ᠱᠦᠵᠢ ᠳ᠋ᠦᠩ ᠴᠧᠨ ᠴᠢ ᠶᠢᠨ ᠲᠤᠰᠬᠤᠨ ᠤ ᠢᠷᠭᠡᠳ ᠲᠤ ᠬᠢᠵᠦ ᠦᠭᠬᠦᠭᠰᠡᠨ ᠪᠠᠰᠠ ᠨᠢᠭᠡᠨ ᠤᠳᠠᠭᠠᠨ ᠤ  ᠪᠤᠳᠠᠳᠠᠢ ᠶᠠᠪᠤᠳᠠᠯ ᠪᠤᠯᠤᠨ᠎ᠠ᠃ ᠲᠸᠦ ᠬᠤᠤ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠠᠷᠠᠳ ᠤᠨ ᠪᠠᠶᠢᠳᠠᠯ ᠢ ᠤᠶᠢᠯᠠᠭᠠᠨ ᠠᠷᠠᠳ ᠤᠨ ᠰᠠᠨᠠᠭ᠎ᠠ ᠶᠢ ᠰᠤᠨᠤᠰᠬᠤ ᠶᠠᠪᠤᠴᠠ ᠳᠠᠭᠠᠨ ᠲᠣᠰᠬᠤᠨ ᠤ ᠠᠷᠠᠳ ᠲᠤ ᠪᠡᠶ᠎ᠡ ᠴᠢᠭᠢᠷᠠᠭᠵᠢᠭᠤᠯᠬᠤ  ᠲᠦᠬᠦᠭᠡᠷᠦᠮᠵᠢ ᠲᠤᠲᠠᠭᠳᠠᠵᠤ ᠪᠠᠶᠢᠭ᠎ᠠ   ᠶᠢ ᠤᠯᠵᠤ ᠮᠡᠳᠡᠭᠰᠡᠨ  ᠤ ᠳᠠᠷᠠᠭ᠎ᠠ᠂ ᠴᠠᠭ ᠲᠤᠬᠠᠢ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂  ᠡᠨᠡᠬᠦ ᠠᠰᠠᠭᠤᠳᠠᠯ ᠢ ᠪᠥᠬᠦ ᠬᠦᠴᠦᠨ ᠢᠶᠠᠷ  ᠪᠦᠳᠦᠮᠵᠢᠳᠡᠢ ᠰᠢᠢᠳᠪᠦᠷᠢᠯᠡᠭᠰᠡᠨ ᠪᠠᠶᠢᠵᠠᠢ᠃ ᠡᠳᠡᠭᠡᠷ ᠲᠦᠬᠦᠭᠡᠷᠦᠮᠵᠢ ᠨᠢ ᠲᠣᠰᠬᠤᠨ ᠤ ᠠᠷᠠᠳ ᠤᠨ ᠰᠤᠯᠠ ᠰᠡᠯᠡᠭᠦᠦ ᠴᠠᠭ ᠢᠶᠠᠷ ᠢᠶᠠᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠠᠮᠤᠭ ᠤᠨ ᠰᠠᠶᠢᠨ ᠠᠷᠭ᠎ᠠ ᠬᠡᠯᠪᠡᠷᠢ ᠪᠤᠯᠵᠤ᠂ ᠰᠣᠶᠣᠯ  ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ᠂ ᠪᠦᠬᠦ ᠠᠷᠠᠳ ᠤᠨ ᠴᠢᠬᠢᠷᠠᠭᠵᠢᠯ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠬᠦᠯᠦᠭᠰᠡᠨ ᠢᠶᠠᠷ ᠪᠠᠷᠠᠬᠤ ᠦᠬᠡᠢ᠂ ᠬᠥᠳᠡᠭᠡ ᠲᠣᠰᠬᠤᠨ ᠬᠢᠭᠡᠳ ᠬᠤᠲᠠ  ᠪᠠᠯᠭᠠᠰᠤᠨ ᠤ ᠬᠤᠭᠤᠷᠣᠨᠳᠣᠬᠢ ᠰᠣᠶᠣᠯ ᠲᠠᠮᠢᠷ ᠤᠨ ᠲᠦᠬᠦᠭᠡᠷᠦᠮᠵᠢ ᠶᠢᠨ ᠵᠥᠷᠢᠶ᠎ᠡ ᠶᠢ ᠪᠠᠭᠠᠰᠬᠠᠵᠤ᠂ ᠨᠠᠩ ᠡᠷᠡᠭᠦᠯ ᠪᠤᠯᠪᠠᠰᠤᠨ ᠡᠶ᠎ᠡ ᠵᠣᠬᠢᠴᠠᠯ ᠲᠠᠢ ᠬᠥᠳᠡᠭᠡ ᠶᠢᠨ ᠰᠤᠷᠲᠠᠯ ᠢ ᠪᠣᠶ ᠪᠤᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号