ᠯᠦᠸᠧ ᠲᠦᠸᠧ ᠱᠠᠨ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/9/20
  ᠪᠥᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠪᠠ ᠬᠢᠵᠢᠭ ᠰᠡᠷᠭᠡᠶᠢᠯᠡᠬᠦ ᠠᠵᠢᠯ ᠤᠨ ᠡᠷᠴᠢᠮ ᠢ ᠤᠯᠠᠮ ᠴᠢᠩᠭᠠᠷᠠᠭᠤᠯᠬᠤ ᠶᠢᠨ ᠲᠥᠯᠥᠭᠡ᠂ 9 ᠰᠠᠷ᠎ᠠ ᠶᠢᠨ 19 ᠤ ᠡᠳᠦᠷ ᠯᠦᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠮᠳᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ  ᠪᠠᠯᠭᠠᠰᠤᠨ ᠤ ᠬᠠᠷᠢᠶᠠᠨ ᠳᠠᠬᠢ ᠳᠡᠯᠭᠡᠭᠦᠷ ᠬᠤᠳᠠᠯᠳᠤᠭ᠎ᠠ᠂ ᠬᠤᠭᠤᠯᠠᠨ ᠭᠡᠷ᠂ ᠡᠮ ᠤᠨ ᠫᠦᠰᠡ᠂ ᠲᠣᠰᠣ ᠨᠡᠮᠡᠬᠦ ᠥᠷᠲᠡᠭᠡ  ᠵᠢᠴᠢ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠲᠥᠮᠥᠰᠥ ᠬᠠᠳᠠᠭᠠᠯᠠᠬᠤ ᠵᠣᠭᠤᠷᠢ  ᠂ ᠯᠤᠤᠪᠠᠩ ᠤᠬᠢᠶᠠᠬᠤ ᠭᠠᠵᠠᠷ ᠵᠡᠷᠭᠡ  ᠠᠵᠤ ᠠᠬᠤᠶᠢᠯᠠᠯ ᠳᠤ ᠬᠦᠨᠵᠡᠬᠡᠶᠢᠷᠡᠵᠦ᠂ ᠬᠢᠵᠢᠭ ᠰᠡᠷᠭᠡᠶᠢᠯᠡᠯᠳᠡ ᠪᠠ ᠠᠶᠤᠯᠬᠦᠢ ᠦᠢᠯᠡᠳᠪᠦᠷᠢᠯᠡᠯ ᠤᠨ  ᠠᠵᠢᠯ ᠳᠤ ᠨᠠᠷᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠲᠥᠬᠦᠭᠡᠷᠦᠮᠵᠢ ᠨᠢ ᠪᠦᠷᠢᠨ ᠪᠦᠳᠦᠨ ᠡᠰᠡᠬᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ  ᠲᠦᠰᠦᠪ ᠲᠣᠭᠲᠠᠭᠠᠭᠰᠠᠨ ᠡᠰᠡᠬᠦ᠂ ᠭᠠᠯ ᠤᠨᠲᠠᠷᠠᠭᠠᠬᠤ ᠪᠠᠭᠠᠵᠢ ᠲᠥᠬᠦᠭᠡᠷᠦᠮᠵᠢ ᠨᠢ ᠪᠦᠷᠢᠨ ᠬᠦᠢᠴᠡᠳ ᠡᠰᠡᠬᠦ᠂  ᠬᠠᠯᠠᠭᠤᠨ ᠢ ᠬᠡᠮᠵᠢᠵᠦ ᠴᠡᠪᠡᠷᠯᠡᠨ ᠠᠷᠢᠭᠤᠳᠬᠠᠬᠤ ᠪᠠᠭᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ᠂ ᠤᠷᠤᠵᠤ ᠭᠠᠷᠤᠭᠰᠠᠳ ᠢ ᠳᠠᠩᠰᠠᠯᠠᠭᠰᠠᠨ ᠡᠰᠡᠬᠦ᠂ ᠠᠵᠢᠯᠲᠠᠳ ᠨᠢ ᠰᠡᠷᠭᠡᠶᠢᠯᠡᠯᠳᠡ ᠶᠢᠨ ᠲᠠᠷᠢᠯᠭ᠎ᠠ ᠳᠠᠷᠢᠭᠰᠠᠨ ᠡᠰᠡᠬᠦ᠂  ︽ᠳᠥᠷᠪᠡᠨ ᠲᠥᠷᠥᠯ︾ ᠤᠨ ᠡᠮ ᠬᠤᠳᠠᠯᠳᠤᠨ ᠠᠪᠬᠤ ᠳᠤ ᠲᠡᠮᠳᠡᠭᠯᠡᠨ ᠳᠠᠩᠰᠠᠯᠠᠭᠰᠠᠨ ᠡᠰᠡᠬᠦ ᠵᠡᠷᠭᠡ ᠶᠢ ᠬᠢᠨᠠᠮᠠᠭᠠᠢ ᠪᠠᠶᠢᠴᠠᠭᠠᠵᠤ᠂  ᠣᠯᠵᠤ  ᠢᠯᠡᠷᠡᠬᠦᠯᠦᠭᠰᠡᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠲᠠᠩᠰᠠᠯᠠᠵᠤ᠂ ᠲᠦᠷᠭᠡᠨ ᠴᠡᠭᠴᠡᠯᠡᠬᠦ ᠱᠠᠭᠠᠷᠳᠠᠯᠭ᠎ᠠ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠤᠰ ᠪᠠᠯᠭᠠᠰᠤ ᠨᠢ ᠠᠶᠤᠯᠬᠦᠢ ᠦᠢᠯᠡᠳᠪᠦᠷᠢᠯᠡᠯ ᠤᠨ ᠬᠥᠪᠴᠢ ᠶᠢ ᠢᠮᠠᠭᠳᠠ ᠴᠢᠩᠭᠠᠯᠠᠵᠤ᠂  ᠠᠯᠮᠠᠶᠢᠷᠠᠵᠤ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠬᠠᠷᠠᠬᠤ ᠪᠣᠳᠣᠯ ᠰᠡᠳᠬᠢᠯᠭᠡ ᠶᠢ ᠡᠷᠡᠰ ᠲᠡᠪᠴᠢᠨ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ  ᠬᠠᠮᠢᠶᠠᠷᠤᠯᠲᠠ ᠶᠢᠨ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠴᠠᠭᠠᠵᠤ ᠭᠠᠷᠭᠠᠭᠰᠠᠨ ᠭᠡᠮ ᠰᠣᠭᠤᠭ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号