ᠯᠥᠸᠧ ᠴᠢᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠭᠤᠣᠯᠳᠠᠯᠭ᠎ᠠ ᠲᠠᠢ ᠠᠵᠢᠯ ᠢ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2022/9/21
   9 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠯᠥᠸᠧ ᠴᠢᠩ ᠤᠷᠢᠳ ᠬᠤᠵᠢᠳ ᠠᠮᠤᠷ ᠢ ᠬᠠᠮᠠᠭᠠᠯᠠᠬᠤ ᠪᠠᠶᠢᠴᠠᠭᠠᠬᠤ ᠦᠷᠳᠡᠭᠡ᠂ ᠵᠠᠮ ᠬᠠᠷᠢᠯᠴᠠᠭᠠᠨ ᠤ ᠪᠣᠭᠤᠮᠲᠠ ᠵᠢᠴᠢ ᠡᠮᠨᠡᠯᠭᠡ ᠶᠢᠨ ᠬᠤᠷᠢᠶ᠎ᠠ᠂ ᠲᠥᠪᠯᠡᠷᠡᠭᠦᠯᠦᠨ ᠲᠤᠰᠠᠭᠠᠷᠯᠠᠬᠤ ᠴᠡᠭ᠂ ᠡᠪᠡᠳᠴᠢᠨ  ᠬᠢᠵᠢᠭ ᠰᠡᠷᠭᠡᠶᠢᠯᠡᠨ ᠡᠵᠡᠮᠳᠡᠬᠦ ᠲᠥᠪ ᠲᠤ ᠬᠦᠷᠴᠦ ᠂ ᠬᠢᠵᠢᠭ ᠰᠡᠷᠭᠡᠶᠢᠯᠡᠬᠦ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠦᠭᠡᠳ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠨ᠂  ᠪᠠᠶᠢᠴᠠᠭᠠᠯᠳᠠ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ  ᠲᠡᠬᠦᠯᠳᠡᠷᠵᠢᠬᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠭᠡᠮ ᠰᠣᠭᠤᠭ ᠢ ᠠᠷᠢᠯᠭᠠᠬᠤ᠂ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠳᠠᠷᠠᠭ᠎ᠠ ᠨᠢ ᠯᠥᠸᠧ ᠴᠢᠩ ᠠᠵᠤ ᠦᠢᠯᠡᠰ ᠤᠨ ᠬᠦᠷᠢᠶᠡᠯᠡᠩ᠂ ᠬᠤᠲᠠ ᠪᠠᠯᠭᠠᠰᠤᠨ ᠤ ᠨᠡᠶᠢᠭᠡᠮ ᠲᠣᠭᠤᠷᠢᠭ ᠪᠣᠯᠣᠨ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠳᠠ᠂ ᠬᠤᠲᠠ ᠪᠠᠯᠭᠠᠰᠤ ᠪᠠ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠪᠠᠶᠢᠳᠠᠯ ᠢ ᠣᠶᠢᠯᠠᠭᠠᠵᠤ᠂ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠡᠷᠭᠡᠪᠰᠢ ᠲᠥᠷᠥᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠶᠠᠪᠤᠭᠳᠠᠯ ᠢ ᠪᠠᠲᠤᠯᠠᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ  ᠴᠢᠩᠭᠠᠳᠬᠠᠨ᠂ ᠬᠤᠲᠠ ᠬᠥᠳᠡᠭᠡ ᠶᠢᠨ ᠰᠠᠭᠤᠷᠢ ᠲᠦᠬᠦᠭᠡᠷᠦᠮᠵᠢ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠤᠯᠠᠮ  ᠰᠠᠶᠢᠵᠢᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠯᠥᠸᠧ ᠴᠢᠩ  ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ ᠰᠠᠨᠠᠭ᠎ᠠ ᠠᠮᠠᠷᠠᠬᠤ ᠶᠢ ᠢᠮᠠᠭᠳᠠ ᠴᠡᠭᠡᠷᠯᠡᠬᠦ︾ ᠬᠠᠷᠢᠭᠤᠴᠠᠯᠭᠠᠲᠤ ᠰᠡᠳᠬᠢᠯᠭᠡ ᠪᠣᠯᠣᠨ ᠥᠷᠯᠥᠭᠡ ᠦᠳᠡᠰᠢ ᠶᠢ ᠪᠤᠯᠢᠶᠠᠯᠳᠤᠨ ᠲᠡᠮᠡᠴᠡᠬᠦ ᠲᠤᠯᠭᠠᠮ᠎ᠠ ᠰᠡᠳᠬᠢᠯᠭᠡ ᠪᠠᠷ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠵᠤ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ︽ᠬᠢᠵᠢᠭ ᠤᠨ ᠪᠠᠶᠢᠳᠠᠯ ᠢ  ᠰᠡᠷᠭᠡᠶᠢᠯᠡᠨ ᠬᠤᠷᠢᠭᠯᠠᠬᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠡᠯ᠎ᠡ ᠲᠦᠷᠦᠯ ᠤᠨ ᠠᠷᠭ᠎ᠠ ᠪᠤᠳᠤᠯᠭ᠎ᠠ ᠶᠢᠨ ᠪᠣᠳᠠᠲᠠᠢ ᠭᠡᠷᠡᠭᠵᠢᠵᠦ ᠪᠦᠳᠦᠮᠵᠢᠳᠡᠢ ᠶᠠᠪᠤᠭᠳᠠᠬᠤ ᠶᠢ ᠪᠠᠳᠤᠯᠠᠨ᠂  ᠪᠤᠳᠠᠳᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠡᠢ᠃ ᠠᠶᠢᠮᠠᠭ ᠤᠨ ᠤᠳᠤᠷᠢᠳᠤᠯᠭ᠎ᠠ ᠼᠤᠤ  ᠸᠧᠨ ᠴᠢᠩ᠂ ᠶᠠᠩ ᠯᠢ᠂ ᠭᠦᠸᠧ ᡁᠢ ᠴᠢᠶᠠᠩ ᠵᠢᠴᠢ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号