ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠰᠦᠪ ︵ | ᠶᠢᠰᠦᠳᠦᠭᠡᠷ ᠬᠡᠪᠯᠡᠯ︶᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠶᠢᠯᠠᠯᠳᠤᠭᠠᠨ ᠤ ᠭᠠᠷ ᠠᠪᠤᠯᠭ᠎ᠠ ︵2.0 | ᠬᠡᠪᠯᠡᠯ︶ ᠪᠠ ᠠᠶᠢᠮᠠᠭ ᠤᠨ ᠬᠢᠵᠢᠭ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠵᠢᠯᠤᠭᠤᠳᠬᠤ | ᠭᠠᠵᠠᠷ ᠤᠨ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠲᠤᠰᠬᠠᠢ ᠠᠩᠭᠢ ᠶᠢᠨ ᠠᠵᠢᠯ ᠤᠨ ᠲᠦᠰᠦᠪ ᠤᠨ | ᠲᠤᠬᠠᠢ ᠤᠬᠠᠭᠤᠯᠭ᠎ᠠ ᠬᠦᠮᠦᠵᠢᠯ ᠢ ᠴᠢᠨᠠᠭᠰᠢᠳᠠ ᠴᠢᠩᠭᠠᠳᠬᠠᠵᠤ᠂ ᠨᠡᠶᠢᠭᠡᠮ ᠲᠣᠭᠤᠷᠢᠭ ᠤᠨ ᠬᠢᠵᠢᠭ ᠰᠡᠷᠭᠡᠶᠢᠯᠡᠬᠦ | ᠠᠵᠢᠯᠲᠠᠨ ᠤ ᠲᠤᠰᠬᠠᠢ ᠮᠡᠷᠭᠡᠵᠢᠯ ᠤᠨ ᠬᠢᠷᠢ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 19 ᠤ | ᠡᠳᠦᠷ ᠲᠠᠶᠢᠹᠤᠰᠧ ᠬᠤᠰᠢᠭᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ | ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠵᠡᠢ᠃ ᠠᠶᠢᠮᠠᠭ ᠤᠨ | ᠳᠡᠳ᠋ ᠳᠠᠷᠤᠭ᠎ᠠ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠡᠶᠢᠭᠡᠮ | ᠲᠣᠭᠤᠷᠢᠭ ᠤᠨ ᠬᠠᠮᠢᠶᠠᠷᠤᠨ ᠡᠵᠡᠮᠳᠡᠬᠦ ᠲᠤᠰᠬᠠᠢ ᠠᠩᠭᠢ ᠶᠢᠨ ᠶᠡᠷᠦᠩᠬᠡᠢ ᠵᠢᠯᠣᠭᠤᠳᠤᠭᠴᠢ ᠶᠠᠩ ᠯᠢ ᠲᠤᠰᠬᠠᠢ | ᠰᠡᠳᠦᠪᠲᠦ ᠪᠣᠯᠪᠠᠰᠤᠷᠠᠯ ᠬᠢᠵᠦ᠂ ᠳᠡᠳ᠋ ᠬᠤᠰᠢᠭᠤ ᠳᠠᠷᠤᠭ᠎ᠠ ᠪᠦᠦ ᠴᠢᠩ ᠱᠠᠨ ᠬᠤᠷᠠᠯ ᠢ ᠡᠷᠭᠢᠯᠡᠪᠡ᠃ | ᠪᠣᠯᠪᠠᠰᠤᠷᠠᠯ ᠤᠨ ᠬᠤᠷᠠᠯ ᠳᠡᠭᠡᠷ᠎ᠡ᠂ ᠶᠠᠩ ᠯᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠲᠤᠬᠠᠢ ᠶᠢᠨ ᠲᠠᠯᠠᠪᠠᠢ ᠶᠢᠨ ᠠᠷᠭ᠎ᠠ ᠲᠤᠷᠰᠢᠯᠭ᠎ᠠ ᠪᠠ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ | ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠲᠤᠰᠬᠠᠢ ᠠᠩᠭᠢ ᠶᠢᠨ ᠠᠵᠢᠯ ᠤᠨ ᠪᠠᠴᠢᠮ ᠪᠠᠶᠢᠳᠠᠯ ᠢ ᠠᠷᠭᠠᠴᠠᠵᠤ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠ ᠪᠠᠶᠢᠩᠭᠤ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ | ᠲᠠᠯ᠎ᠠ ᠪᠠᠷ ᠭᠤᠣᠯᠳᠠᠯᠭ᠎ᠠ ᠲᠠᠢ ᠨᠠᠷᠢᠨ ᠲᠠᠶᠢᠯᠤᠮᠵᠢ ᠬᠢᠭᠰᠡᠨ ᠪᠠᠶᠢᠨ᠎ᠠ᠃ ᠶᠠᠩ ᠯᠢ ᠴᠢᠬᠤᠯᠠᠴᠢᠯᠠᠬᠤ ᠳᠠᠭᠠᠨ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠣᠯᠣᠨ ᠪᠠᠴᠢᠮ ᠲᠤᠯᠭᠠᠮ᠎ᠠ ᠴᠢᠨᠠᠷ ᠢ | ᠭᠦᠨᠵᠡᠭᠡᠢ ᠲᠠᠨᠢᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠵᠦ ᠵᠠᠰᠠᠬᠤ ᠶᠢ | ᠤᠶᠠᠯᠳᠤᠭᠤᠯᠬᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠢᠬᠦ᠂ ᠲᠡᠰ ᠬᠤᠪᠢᠶᠠᠵᠤ ᠲᠥᠷᠥᠯ ᠬᠤᠪᠢᠶᠠᠬᠤ︾ | ᠵᠠᠷᠴᠢᠮ ᠢ ᠪᠠᠷᠢᠮᠲᠠᠯᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠦᠨᠡᠨᠬᠦ | ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠰᠠᠶᠢᠨ ᠠᠳᠬᠤᠬᠤ | ᠬᠡᠷᠡᠭᠲᠡᠢ᠃ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠴᠢᠬᠤᠯᠠ ᠰᠡᠷᠭᠡᠶᠢᠯᠡᠯᠲᠡ ᠶᠢᠨ ᠱᠤᠭᠤᠮ ᠪᠤᠯᠬᠤᠷ᠂ ᠡᠷᠭᠡᠪᠰᠢ ᠤᠳᠤᠷᠢᠳᠤᠯᠭ᠎ᠠ ᠪᠠᠨ ᠦᠨᠡᠨᠬᠦ | ᠴᠢᠩᠭᠠᠳᠬᠠᠵᠤ᠂ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠨ᠂ ︽ᠰᠡᠷᠭᠡᠶᠢᠯᠡᠯᠳᠡ︾ | ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ︽ ᠡᠵᠡᠮᠳᠡᠯ︾ ᠤᠨ ᠴᠢᠳᠠᠪᠤᠷᠢ ᠪᠠᠨ ᠪᠥᠬᠦ ᠲᠠᠯ᠎ᠠ ᠪᠠᠷ | ᠲᠡᠭᠡᠭᠰᠢᠯᠡᠬᠦᠯᠦᠨ᠂ ᠬᠢᠵᠢᠭ ᠰᠡᠷᠭᠡᠶᠢᠯᠡᠬᠦ ᠠᠵᠢᠯ ᠤᠨ ᠦᠷ᠎ᠡ ᠠᠮᠵᠢᠯᠳᠠ ᠶᠢ ᠪᠠᠳᠤᠯᠠᠨ ᠬᠠᠮᠠᠭᠠᠯᠠᠬᠤ ᠬᠡᠷᠡᠭᠲᠡᠢ ᠭᠡᠪᠡ᠃ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠡᠶᠢᠭᠡᠮ ᠤᠨ | ᠬᠠᠮᠢᠶᠠᠷᠤᠯᠳᠠ ᠶᠢᠨ ᠲᠤᠰᠬᠠᠢ ᠠᠩᠭᠢ ᠶᠢᠨ ᠶᠡᠷᠦᠩᠬᠡᠢ ᠵᠢᠯᠣᠭᠤᠳᠤᠭᠴᠢ᠂ ᠳᠡᠳ᠋ ᠶᠡᠷᠦᠩᠬᠡᠢ ᠵᠢᠯᠣᠭᠤᠳᠤᠭᠴᠢ᠂ | ᠨᠡᠶᠢᠭᠡᠮ ᠤᠨ ᠬᠠᠮᠢᠶᠠᠷᠤᠯᠳᠠ ᠶᠢᠨ ᠡᠵᠡᠮᠳᠡᠬᠦ ᠲᠤᠰᠬᠠᠢ ᠠᠩᠭᠢ ᠶᠢᠨ ᠳᠠᠭᠠᠭᠠᠴᠢᠯᠠᠨ ᠬᠠᠷᠢᠭᠤᠴᠠᠬᠤ ᠨᠢᠭᠡᠴᠡ᠂ ᠰᠤᠮᠤ | ᠰᠢᠶᠠᠩ ᠪᠠᠯᠭᠠᠰᠤ ᠵᠢᠴᠢ ᠨᠡᠶᠢᠭᠡᠮ ᠲᠣᠭᠤᠷᠢᠭ ᠤᠨ ᠭᠤᠣᠯ ᠬᠠᠷᠢᠭᠤᠴᠠᠯᠭᠠᠲᠠᠨ ᠪᠣᠯᠪᠠᠰᠤᠷᠠᠯ ᠳᠤ ᠤᠷᠤᠯᠴᠠᠵᠠᠢ᠃ |