ᠶᠦᠩ ᠹᠧᠩ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/21
   9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠲᠠᠯᠠᠬᠢ ᠬᠤᠭᠤᠴᠠᠭ᠎ᠠ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠴᠢᠬᠤᠯᠠ ᠬᠤᠭᠤᠴᠠᠭ᠎ᠠ ᠪᠤᠯᠤᠨ᠎ᠠ᠃ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠦᠨ᠂ ︽ᠭᠠᠯ  ᠲᠦᠢᠮᠡᠷ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ︽ᠲᠦᠭ ᠲᠦᠮᠡᠨ ᠠᠶᠢᠯ ᠡᠷᠦᠬᠡ︾ ᠳᠤ  ᠬᠦᠷᠭᠡᠬᠦ ᠶᠢᠨ ᠲᠥᠯᠥᠭᠡ᠂  ᠶᠦᠩ ᠹᠧᠩ ᠪᠠᠯᠭᠠᠰᠤ ᠨᠢ ᠤᠶᠢᠷ᠎ᠠ ᠳᠤ ᠡᠯ᠎ᠡ ᠲᠣᠰᠬᠤᠨ ᠢ ᠵᠣᠬᠢᠶᠠᠨ ᠪᠠᠶᠢᠭᠤᠯᠵᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ  ᠥᠷᠨᠢᠭᠦᠯᠪᠡ᠃  ᠡᠨᠡ ᠤᠳᠠᠭ᠎ᠠ 1000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 20 ᠵᠤᠷᠪᠤᠰ ᠤᠬᠠᠭᠤᠯᠭ᠎ᠠ ᠶᠢᠨ ᠤᠷᠢᠶ᠎ᠠ ᠡᠯᠬᠦᠭᠰᠡᠨ ᠪᠦᠭᠡᠳ ᠂ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠨ᠂  ᠵᠠᠮ ᠤᠨ ᠠᠭᠤᠯᠵᠠᠷ ᠪᠠ ᠡᠯ᠎ᠡ ᠲᠣᠰᠬᠤᠨ ᠳᠤ  300 ᠰᠢᠬᠠᠮ ᠤᠬᠠᠭᠤᠯᠭ᠎ᠠ ᠶᠢᠨ ᠲᠠᠯᠪᠠᠭ᠎ᠠ ᠬᠠᠳᠬᠤᠵᠠᠢ᠃  ᠡᠨᠡ ᠤᠳᠠᠭᠠᠨ ᠤ ᠤᠬᠠᠭᠤᠯᠭ᠎ᠠ ᠪᠠᠷ ᠲᠠᠮᠵᠢᠭᠠᠳ᠂  ᠣᠯᠠᠨ ᠲᠦᠮᠡᠨ ᠤ ᠭᠠᠯ ᠰᠡᠷᠭᠡᠶᠢᠯᠡᠬᠦ ᠮᠡᠳᠡᠯᠭᠡ ᠶᠢ ᠨᠠᠩ ᠭᠦᠨᠵᠡᠭᠡᠢ ᠤᠶᠢᠯᠠᠭᠠᠭᠤᠯᠵᠤ᠂  ᠬᠠᠤᠯᠢ ᠲᠦᠷᠢᠮ ᠶᠣᠰᠣᠭᠠᠷ ᠰᠢᠨᠵᠢᠯᠡᠬᠦ ᠤᠬᠠᠭᠠᠨᠴᠢ ᠪᠠᠷ ᠭᠠᠯ ᠬᠡᠷᠡᠭᠯᠡᠬᠦ ᠶᠢ  ᠠᠷᠠᠳ ᠢᠷᠭᠡᠳ ᠲᠤ   ᠤᠷᠢᠶᠠᠯᠠᠭᠠᠳ᠂ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠠᠮᠤᠷ ᠲᠦᠪᠰᠢᠨ ᠣᠷᠴᠢᠨ ᠨᠥᠬᠦᠴᠡᠯ ᠢ ᠪᠣᠶ ᠪᠣᠯᠭᠠᠬᠤ ᠳᠤ  ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号