ᠰᠢᠩ ᠹᠦ᠋ ᠰᠢᠶᠠᠩ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠵᠤ ᠪᠠᠶᠢᠨ᠎ᠠ
ᠨᠡᠶᠢᠲᠡᠯᠡᠭᠰᠡᠨ ᠴᠠᠭ᠄
2022/9/21
  9 ᠰᠠᠷ᠎ᠠ ᠶᠢᠨ 20 ᠤ ᠡᠳᠦᠷ᠂ ᠰᠢᠩ ᠹᠦ᠋ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂  ᠭᠠᠯ ᠤᠨᠲᠠᠷᠠᠭᠠᠬᠤ ᠶᠡᠭᠡ ᠠᠩᠭᠢ ᠵᠢᠴᠢ ᠰᠢᠶᠠᠩ ᠤᠨ ᠠᠮᠤᠷ ᠢ ᠬᠠᠮᠠᠭᠠᠯᠠᠬᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂  ᠲᠤᠰ ᠪᠠᠯᠭᠠᠰᠤᠨ ᠤ ᠬᠠᠷᠢᠶᠠᠨ  ᠳᠠᠬᠢ ᠳᠡᠯᠭᠡᠭᠦᠷ ᠬᠤᠳᠠᠯᠳᠤᠭ᠎ᠠ᠂  ᠬᠤᠭᠤᠯᠠᠨ ᠭᠡᠷ᠂ ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ᠂ ᠡᠷᠡᠭᠦᠯ ᠬᠠᠮᠠᠭᠠᠯᠠᠯ ᠤᠨ ᠲᠠᠰᠤᠭ᠂  ᠲᠠᠷᠢᠶᠠᠯᠠᠩ ᠤᠨ ᠬᠦᠷᠢᠶᠡᠯᠡᠩ ᠲᠣᠭᠤᠷᠢᠭ ᠵᠢᠴᠢ ᠠᠵᠤ ᠠᠬᠤᠶᠢᠯᠠᠯ ᠳᠤ ᠬᠦᠨᠵᠡᠬᠡᠶᠢᠷᠡᠵᠦ᠂ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠬᠢᠵᠢᠭ ᠰᠡᠷᠭᠡᠶᠢᠯᠡᠬᠦ ᠠᠷᠭ᠎ᠠ ᠲᠦᠷᠢᠮ ᠢ ᠨᠠᠶᠢᠳᠠᠪᠤᠷᠢᠵᠢᠭᠤᠯᠤᠭᠰᠠᠨ᠂ ᠠᠶᠤᠯᠬᠦᠢ ᠦᠢᠯᠡᠳᠪᠦᠷᠢᠯᠡᠯ ᠤᠨ ᠭᠡᠨ ᠰᠤᠭᠤᠭ ᠢ  ᠪᠠᠶᠢᠴᠠᠭᠠᠨ ᠴᠡᠭᠴᠡᠯᠡᠭᠰᠡᠨ  ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠲᠤᠭᠳᠠᠭᠰᠠ  ᠂  ᠪᠡᠯᠡᠳᠭᠡᠯ ᠲᠥᠬᠦᠭᠡᠷᠦᠮᠵᠢ  ᠶᠢ ᠪᠦᠷᠢᠳᠦᠬᠦᠯᠵᠦ ᠠᠰᠢᠭᠯᠠᠭᠰᠠᠨ᠂  ᠠᠶᠤᠯᠲᠠᠢ ᠬᠢᠮᠢ ᠶᠢᠨ ᠪᠣᠳᠠᠰ  ᠂ ᠬᠤᠭᠤᠴᠠᠭ᠎ᠠ ᠨᠢ ᠥᠩᠭᠡᠷᠡᠭᠰᠡᠨ ᠲᠠᠸᠠᠷ᠂ ᠡᠮ ᠤᠨ ᠵᠦᠢᠯ   ᠢ ᠪᠠᠶᠢᠴᠠᠭᠠᠨ ᠴᠡᠭᠴᠡᠯᠡᠭᠰᠡᠨ ᠪᠠᠶᠢᠳᠠᠯ ᠳᠤ ᠨᠠᠷᠢᠨ  ᠪᠠᠶᠢᠴᠠᠭᠠᠯᠳᠠ ᠬᠢᠭᠰᠡᠨ ᠪᠦᠭᠡᠳ ᠢᠯᠡᠷᠡᠭᠦᠯᠦᠭᠰᠡᠨ ᠠᠰᠠᠭᠤᠳᠠᠯ ᠳᠤ  ᠴᠢᠭᠯᠡᠬᠦᠯᠵᠦ ᠲᠤᠭᠳᠠᠭᠰᠠᠨ ᠴᠠᠭ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ  ᠲᠠᠯᠪᠢᠵᠠᠢ᠃  ᠪᠠᠶᠢᠴᠠᠭᠠᠯᠲᠠ ᠶᠢᠨ ᠳᠤᠮᠳᠠ ᠪᠠᠰᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠮᠡᠳᠡᠯᠭᠡ᠂ ᠢᠯᠠᠩᠭᠤᠶ᠎ᠠ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠤᠯᠠᠮ  ᠬᠦᠨᠵᠡᠬᠡᠢ ᠤᠬᠠᠭᠤᠯᠤᠭᠰᠠᠨ ᠪᠠᠶᠢᠨ᠎ᠠ᠃  ᠡᠨᠡ ᠤᠳᠠᠭᠠᠨ ᠤ  ᠪᠠᠶᠢᠴᠠᠭᠠᠯᠲᠠ ᠪᠠᠷ ᠲᠠᠮᠵᠢᠭᠠᠳ᠂ ᠡᠯ᠎ᠡ ᠲᠦᠷᠦᠯ ᠤᠨ ᠤᠰᠤᠯ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠨᠡᠮᠡᠭᠳᠡᠬᠦᠯᠦᠨ᠂ ᠠᠶᠤᠯᠭᠦᠢ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠵᠦ᠂ ᠠᠮᠤᠷ ᠲᠦᠪᠰᠢᠨ ᠤ  ᠬᠥᠪᠴᠢ ᠶᠢ ᠴᠢᠩᠭᠠᠷᠠᠭᠤᠯᠤᠭᠠᠳ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠤᠭᠳᠠᠭᠤᠨ ᠤᠷᠴᠢᠨ ᠲᠤᠭᠤᠷᠢᠨ ᠢ  ᠬᠠᠩᠭᠠᠬᠤ ᠵᠤᠷᠢᠯᠭ᠎ᠠ ᠳᠠᠭᠠᠨ ᠬᠦᠷᠴᠡᠢ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号