ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2022/9/21
   9 ᠰᠠᠷ᠎ᠠ ᠶᠢᠨ 19  ᠤ ᠡᠳᠦᠷ᠂ ᠬᠦᠨᠪᠤᠯᠠᠭ ᠰᠤᠮᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠨᠠᠢᠮᠠᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂  ᠨᠠᠮ ᠤᠨ  ᠬᠤᠷᠢᠶᠠᠨ ᠤ ᠱᠦᠵᠢ ᠤᠷᠬᠢᠯ ᠬᠤᠷᠠᠯ ᠢ ᠡᠷᠬᠢᠯᠡᠨ᠂ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ︽ᠪᠥᠬᠦ ᠲᠠᠯ᠎ᠠ ᠪᠠᠷ ᠬᠠᠤᠯᠢ   ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠲᠤᠬᠠᠢ ᠥᠭᠦᠯᠡᠬᠦ ᠨᠢ︾᠂ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠶᠢᠨ ᠠᠭᠤᠯᠭ᠎ᠠ ᠲᠠᠢ ᠤᠶᠠᠯᠳᠤᠭᠤᠯᠵᠤ᠂  ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠤᠶᠢᠯᠠᠭᠠᠭᠰᠠᠨ ᠪᠠᠶᠢᠨ᠎ᠠ᠃ ᠬᠤᠷᠠᠯ ᠠᠴᠠ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯ ᠮᠠᠷᠺᠰ ᠤᠨ ᠦᠵᠡᠯ ᠤᠨ ᠬᠠᠤᠯᠢᠵᠢᠯ ᠤᠨ ᠤᠨᠤᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ  ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠣᠨᠣᠯ ᠤᠨ ᠴᠢᠬᠤᠯᠠ ᠶᠡᠭᠡ  ᠰᠢᠨᠡᠴᠢᠯᠡᠯᠳᠡ ᠬᠥᠭᠵᠢᠯᠲᠡ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ᠂ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠃ ᠪᠢᠳᠡ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠦᠨᠳᠦᠰᠦᠨ ᠵᠣᠷᠢᠭ ᠰᠠᠨᠠᠭ᠎ᠠ ᠶᠢ ᠨᠡᠪᠲᠡᠷᠬᠡᠢ ᠤᠶᠢᠯᠠᠭᠠᠨ᠂  ᠭᠤᠣᠯ ᠴᠢᠬᠤᠯᠠ ᠠᠭᠤᠯᠭ᠎ᠠ ᠶᠢ ᠰᠠᠶᠢᠳᠤᠷ ᠡᠵᠡᠮᠳᠡᠵᠦ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠬᠡᠵᠦ  ᠵᠢᠭᠠᠵᠤ  ᠭᠠᠷᠭᠠᠪᠠ᠃  ᠤᠳᠤᠷᠢᠳᠬᠤ ᠪᠠᠭ ᠤᠨ ᠭᠡᠰᠢᠬᠦᠳ ᠥᠪᠡᠷ ᠥᠪᠡᠷ ᠤᠨ ᠬᠠᠷᠢᠭᠤᠴᠠᠵᠤ ᠪᠠᠶᠢᠭ᠎ᠠ ᠪᠤᠳᠠᠳᠠᠢ ᠠᠵᠢᠯ ᠲᠠᠢ ᠪᠠᠨ ᠤᠶᠠᠯᠳᠤᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ  ᠰᠠᠨᠠᠭᠠᠨ ᠤ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃  ᠬᠤᠷᠠᠯ ᠲᠡᠭᠡᠷ᠎ᠡ ᠪᠠᠰᠠ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷᠡᠬᠢ  ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ  ᠳᠠᠬᠢ ᠲᠡᠦᠬᠡ ᠶᠢᠨ ᠨᠢᠭᠡᠳᠦᠭᠡᠷ ᠪᠣᠳᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠲᠣᠪᠴᠢ ᠲᠡᠦᠬᠡ︾ ᠶᠢᠨ ᠬᠡᠰᠡᠭ ᠪᠦᠯᠦᠭ ᠢ ᠰᠤᠷᠤᠯᠴᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号