ᠴᠢᠶᠠᠨ ᠶᠢᠨ ᠭᠧᠦ ᠪᠠᠯᠭᠠᠰᠤ  ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ  ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2022/9/21
   ᠪᠦᠬᠦ ᠪᠠᠯᠭᠠᠰᠤᠨ ᠤ ᠭᠤᠣᠯᠳᠠᠯᠭ᠎ᠠ ᠲᠠᠢ ᠠᠵᠤ ᠠᠬᠤᠶᠢᠯᠠᠯ ᠵᠢᠴᠢ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠵᠠᠰᠠᠯᠲᠠ  ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 19 ᠤ ᠡᠳᠦᠷ  ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠼᠠᠢ ᠬᠦᠶ ᠯᠢᠨ  ᠂  ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂  ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ  ᠵᠤ᠋ ᠭᠦᠸᠧ ᠳ᠋ᠦᠩ᠂ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠮᠠ ᠲᠠᠢ ᠵᠡᠷᠭᠡ ᠤᠳᠤᠷᠢᠳᠤᠯᠭ᠎ᠠ ᠪᠠᠶᠢᠴᠠᠭᠠᠬᠤ ᠳᠤᠭᠤᠶᠢᠯᠠᠩ ᠲᠠᠭᠠᠭᠤᠯᠵᠤ  ᠂ ᠪᠦᠬᠦ ᠪᠠᠯᠭᠠᠰᠤᠨ ᠤ ᠭᠡᠪᠴᠢᠶᠡᠨ ᠳᠠᠬᠢ ᠭᠤᠣᠯᠳᠠᠯᠭ᠎ᠠ ᠲᠠᠢ ᠠᠵᠤ ᠠᠬᠤᠶᠢᠯᠠᠯ ᠪᠠ ᠠᠭᠤᠷᠬᠠᠢ ᠶᠢᠨ ᠣᠷᠣᠨ ᠳᠤ ᠬᠦᠨᠵᠡᠬᠡᠶᠢᠷᠡᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠠᠰᠠᠭᠤᠨ ᠯᠠᠪᠯᠠᠵᠤ ᠰᠠᠨᠠᠯ ᠢᠶᠠᠨ ᠰᠣᠯᠢᠯᠴᠠᠬᠤ᠂  ᠲᠠᠩᠰᠠ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠠᠭᠤᠷᠬᠠᠢ ᠶᠢᠨ ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ  ᠢ ᠪᠠᠶᠢᠴᠠᠭᠠᠨ ᠴᠡᠭᠴᠡᠯᠡᠭᠰᠡᠨ᠂  ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ  ᠲᠤᠰᠬᠠᠢ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠯᠢᠦ ᠮᠢᠶᠠᠨ ᠵᠢᠩ ᠲᠣᠰᠬᠤᠨ ᠤ  ᠱᠧᠨ ᠨᠧᠩ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠶ  ᠂  ᠴᠢ ᠬᠤᠤ ᠲᠣᠰᠬᠤᠨ ᠤ ᠬᠤᠤ ᠬᠤᠸᠠ ᠴᠠᠩ ᠵᠢᠶᠠᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠰᠢᠶᠠᠩ ᠮᠠ ᠭᠧᠦ ᠲᠣᠰᠬᠤᠨ ᠤ ᠬᠤᠩ ᠶᠧ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ  ᠬᠦᠨᠵᠡᠬᠡᠶᠢᠷᠡᠵᠦ᠂  ᠠᠵᠤ ᠠᠬᠤᠶᠢᠯᠠᠯ ᠤᠨ ᠠᠮᠤᠷ ᠲᠦᠪᠰᠢᠨ ᠤ  ᠳᠠᠩᠰᠠ ᠡᠪᠬᠡᠮᠡᠯ᠂  ᠬᠠᠲᠠᠭᠤ ᠲᠤᠨᠤᠭ  ᠂  ᠭᠠᠯ ᠤᠨᠲᠠᠷᠠᠭᠠᠬᠤ ᠲᠥᠬᠦᠭᠡᠷᠦᠮᠵᠢ᠂ ᠠᠮᠤᠷ ᠲᠦᠪᠰᠢᠨ ᠤ ᠳᠦᠷᠢᠮ ᠲᠤᠭᠳᠠᠭᠠᠯ᠂  ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠠᠮᠢᠶᠠᠷᠤᠯᠲᠠ ᠶᠢᠨ  ᠠᠵᠢᠯ ᠤᠨ ᠲᠣᠭᠤᠷᠢᠨ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠭᠰᠡᠨ ᠪᠠᠶᠢᠨ᠎ᠠ᠃ ᠼᠠᠢ ᠬᠦᠢ ᠯᠢᠨ ᠴᠢᠬᠤᠯᠠᠴᠢᠯᠠᠬᠤ  ᠳᠠᠭᠠᠨ᠂  ᠠᠵᠤ ᠠᠬᠤᠶᠢᠯᠠᠯ ᠨᠢ ᠡᠷᠭᠡᠪᠰᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠷᠭ᠎ᠠ ᠲᠦᠷᠢᠮ ᠴᠢᠩᠭ᠎ᠠ ᠪᠣᠳᠠᠲᠠᠢ ᠨᠠᠷᠢᠯᠢᠭ ᠠᠳᠬᠤᠵᠤ᠂  ᠭᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂  ᠴᠠᠭ ᠢᠮᠠᠭᠳᠠ ᠬᠡᠷᠰᠡᠦ ᠪᠣᠯᠭᠤᠮᠵᠢᠲᠠᠢ ᠪᠠᠶᠢᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠠᠯᠢᠪᠠ ᠠᠮᠤᠷ ᠲᠦᠪᠰᠢᠨ ᠤ ᠤᠰᠤᠯ ᠠᠳᠡᠯ ᠭᠠᠷᠬᠤ ᠶᠢ ᠬᠤᠷᠢᠭᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ ᠭᠡᠵᠡᠢ᠃  ᠡᠨᠡ ᠤᠳᠠᠭᠠᠨ ᠤ ᠲᠤᠰᠬᠠᠢ ᠪᠠᠶᠢᠴᠠᠭᠠᠯᠲᠠ ᠪᠠᠷ ᠲᠠᠮᠵᠢᠭᠠᠳ᠂  ᠴᠢᠶᠠᠨ ᠶᠢᠨ ᠭᠸᠦ ᠪᠠᠯᠭᠠᠰᠤ ᠨᠢ ᠭᠤᠣᠯᠳᠠᠯᠭ᠎ᠠ ᠲᠠᠢ ᠠᠵᠤ ᠠᠬᠤᠶᠢᠯᠠᠯ᠂ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ  ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ  ᠢ ᠴᠢᠩᠭᠠᠷᠠᠭᠤᠯᠤᠨ᠂  ᠨᠢᠭᠤᠭᠳᠠᠵᠤ ᠪᠠᠶᠢᠭ᠎ᠠ ᠭᠡᠮ ᠰᠤᠭᠤᠭ ᠢ ᠠᠷᠢᠯᠭᠠᠵᠤ᠂  ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠳᠤ ᠮᠠᠰᠢ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号