ᠵᠤᠤ ᠹᠧᠢ ᠫᠧᠩ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠬᠢᠵᠢᠭ ᠰᠡᠷᠭᠡᠶᠢᠯᠡᠯᠳᠡ᠂  ᠵᠢᠭᠠᠨ ᠰᠤᠷᠭᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/22
  9 ᠰᠠᠷ᠎ᠠ ᠶᠢᠨ 21 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠤᠷᠢᠳ ᠬᠤᠵᠢᠳ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ᠂ ᠴᠧᠩ ᠪᠧᠢ ᠬᠡᠦᠬᠡᠳ ᠤᠨ ᠴᠡᠴᠡᠷᠯᠢᠭ ᠳᠤ ᠭᠦᠨᠵᠡᠭᠡᠶᠢᠷᠡᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ᠂   ᠵᠢᠭᠠᠨ ᠰᠤᠷᠭᠠᠯᠲᠠ ᠶᠢᠨ ᠠᠵᠢᠯ ᠤᠨ ᠪᠠᠶᠢᠳᠠᠯ ᠢ  ᠪᠠᠶᠢᠴᠠᠭᠠᠨ ᠰᠤᠳᠤᠯᠵᠠᠢ᠃ ᠵᠣᠣ ᠹᠧᠢ ᠫᠧᠩ ᠵᠢᠭᠠᠵᠤ ᠭᠠᠷᠭᠠᠬᠤ ᠳᠠᠭᠠᠨ᠂ ᠡᠯ᠎ᠡ ᠰᠤᠷᠭᠠᠭᠤᠯᠢ ᠪᠠ ᠴᠡᠴᠡᠷᠯᠢᠭ   ᠨᠢ ᠬᠠᠷᠢᠭᠤᠴᠠᠯᠭ᠎ᠠ ᠡᠭᠦᠷᠭᠡᠯᠡᠬᠦ ᠪᠠᠨ ᠦᠨᠡᠨᠬᠦ ᠴᠢᠩᠭᠠᠳᠬᠠᠵᠤ᠂  ᠪᠠᠭᠰᠢ ᠰᠤᠷᠤᠭᠴᠢᠳ ᠤᠨ ︽ᠰᠤᠷᠭᠠᠭᠤᠯᠢ ᠶᠢᠨ ᠬᠦᠷᠢᠶᠡᠨ ᠳᠤ ᠣᠷᠣᠬᠤ ᠪᠣᠭᠤᠮᠲᠠ︾   ᠶᠢ ᠰᠠᠶᠢᠲᠤᠷ  ᠡᠵᠡᠮᠳᠡᠨ᠂  ᠠᠮᠤᠷ ᠲᠦᠪᠰᠢᠨ ᠤ ᠬᠡᠮ ᠰᠣᠭᠤᠭ ᠢ  ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠪᠠ ᠪᠠᠳᠤᠯᠠᠭᠠᠨ ᠤ ᠴᠢᠳᠠᠪᠤᠷᠢ ᠪᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠂ ᠬᠢᠵᠢᠭ ᠤᠨ ᠲᠦᠭᠰᠢᠭᠦᠷᠢ ᠶᠢ ᠰᠤᠷᠭᠠᠭᠤᠯᠢ ᠶᠢᠨ ᠬᠦᠷᠢᠶᠡᠨ ᠠᠴᠠ ᠡᠷᠡᠰ ᠵᠠᠶᠢᠯᠠᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠢᠴᠢ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠵᠡᠷᠭᠡ ᠡᠯ᠎ᠡ ᠲᠠᠯ᠎ᠠ ᠶᠢᠨ ᠬᠠᠮᠢᠶᠠᠷᠤᠯᠲᠠ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠰᠠᠶᠢᠵᠢᠷᠠᠭᠤᠯᠤᠨ᠂ ᠰᠤᠷᠭᠠᠭᠤᠯᠢ ᠶᠢᠨ ᠬᠠᠲᠠᠭᠤ ᠵᠥᠭᠡᠯᠡᠨ ᠲᠣᠨᠤᠭ ᠤᠨ ᠪᠠᠶᠢᠭᠤᠯᠤᠯᠲᠠ ᠶᠢ ᠲᠠᠰᠤᠷᠠᠯᠲᠠ ᠦᠭᠡᠢ  ᠲᠡᠬᠦᠯᠳᠡᠷᠵᠢᠬᠦᠯᠵᠦ᠂ ᠡᠷᠡᠭᠦᠯ ᠡᠩᠭᠡ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠨᠦᠬᠦᠴᠡᠯ ᠢ ᠪᠤᠢ ᠪᠤᠯᠭᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠭᠢᠯᠡᠬᠦ ᠬᠡᠷᠡᠭᠲᠡᠢ ᠭᠡᠪᠡ  ᠃   ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠬᠠᠢ ᠯᠢ᠂ ᠰᠤᠷᠭᠠᠨ ᠬᠥᠮᠦᠵᠢᠯ ᠤᠨ ᠲᠤᠪᠴᠢᠶᠠᠨ ᠤ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号