︽ᠡᠩᠬᠡ ᠶᠢᠨ ᠮᠠᠨᠠᠭᠠᠨ︾ ᠳᠤ ᠵᠤᠭᠰᠤᠭᠰᠠᠨ ᠡᠮᠴᠢ ᠰᠤᠪᠢᠯᠠᠭᠴᠢ ᠮᠠᠭᠳᠠᠭᠤᠰᠢᠳᠠᠢ
ᠨᠡᠶᠢᠲᠡᠯᠡᠭᠰᠡᠨ ᠴᠠᠭ᠄
2022/9/22
   9 ᠰᠠᠷ᠎ᠠ ᠶᠢᠨ 4 ᠤ ᠡᠳᠦᠷ ᠤᠨ ᠥᠷᠯᠥᠭᠡ᠂ ᠲᠠᠶᠢᠹᠤᠰᠧ ᠬᠤᠰᠢᠭᠤ ᠨᠢ 47 ᠨᠡᠷᠡᠰ ᠠᠵᠢᠯ ᠮᠡᠷᠭᠡᠵᠢᠯ ᠳᠡᠭᠡᠨ ᠴᠠᠭᠠᠷᠠᠭᠰᠠᠨ᠂  ᠠᠷᠭ᠎ᠠ ᠲᠤᠷᠰᠢᠯᠭ᠎ᠠ ᠪᠠᠷ ᠪᠠᠶᠠᠯᠢᠭ ᠡᠮᠨᠡᠯᠭᠡ ᠶᠢᠨ ᠠᠵᠢᠯᠲᠠᠳ ᠢ ᠪᠠᠴᠢᠮ ᠰᠤᠩᠭᠤᠵᠤ᠂  ᠡᠮᠦᠨ᠎ᠡ ᠹᠠᠷᠤᠨᠲ   ᠶᠢ ᠲᠤᠰᠠᠯᠠᠬᠤ ᠡᠮᠨᠡᠯᠭᠡ ᠶᠢᠨ ᠠᠩᠭᠢ ᠶᠢ  ᠪᠠᠶᠢᠭᠤᠯᠤᠨ ᠰᠢᠯᠢ ᠶᠢᠨ ᠬᠤᠳᠠ   ᠳᠤ  ᠤᠴᠢᠭᠤᠯᠤᠭᠰᠠᠨ ᠪᠦᠭᠡᠳ ᠲᠠᠷᠠᠭ᠎ᠠ ᠡᠳᠦᠷ ᠨᠢ  ᠪᠠᠰᠠ 28 ᠬᠥᠮᠥᠨ ᠢᠶᠠᠷ ᠪᠦᠷᠢᠯᠳᠦᠭᠰᠡᠨ ᠰᠠᠯᠪᠤᠷᠢ ᠠᠩᠭᠢ ᠶᠢ ᠲᠤᠮᠢᠯᠠᠵᠤ᠂   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ  ᠲᠤᠰᠠᠯᠠᠭᠤᠯᠵᠠᠢ᠃      ᠰᠢᠯᠢ ᠶᠢᠨ ᠬᠤᠳᠠ ᠶᠢᠨ ᠬᠢᠵᠢᠭ ᠤᠨ ᠪᠠᠶᠢᠳᠠᠯ ᠰᠠᠶᠢᠵᠢᠷᠠᠬᠤ ᠶᠢ ᠲᠠᠭᠠᠯᠳᠤᠭᠠᠳ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠰᠠᠯᠠᠬᠤ ᠪᠠᠷ ᠶᠠᠪᠤᠭᠰᠠᠨ ᠲᠠᠶᠢᠹᠤᠰᠧ ᠬᠤᠰᠢᠭᠤᠨ ᠤ 75 ᠨᠡᠷ᠎ᠡ ᠡᠮᠴᠢ ᠰᠤᠪᠢᠯᠠᠭᠴᠢ ᠡᠭᠦᠷᠭᠡ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠬᠦᠯᠦᠭᠡᠳ᠂ 9 ᠰᠠᠷ᠎ᠠ ᠶᠢᠨ 21 ᠤ ᠡᠳᠦᠷ ᠠᠮᠤᠷ ᠠᠮᠤᠭᠤᠯᠠᠩ ᠢᠶᠠᠷ ᠪᠤᠴᠠᠵᠤ ᠢᠷᠡᠭᠰᠡᠨ ᠪᠠᠶᠢᠨ᠎ᠠ᠃    ︽ ᠪᠢᠳᠡ 4 ᠤ ᠡᠳᠦᠷ ᠤᠨ ᠥᠷᠯᠥᠭᠡ ᠡᠷᠲᠡ ᠡᠭᠦᠷᠭᠡ  ᠬᠦᠯᠢᠶᠡᠵᠦ ᠰᠢᠯᠢ ᠶᠢᠨ ᠬᠤᠳᠠ ᠵᠦᠭ ᠮᠤᠷᠳᠠᠭᠰᠠᠨ᠂  ᠤᠴᠢᠭᠰᠠᠨ ᠤ ᠲᠠᠷᠠᠭ᠎ᠠ ᠭᠤᠣᠯᠳᠠᠭᠤ ᠡᠯ᠎ᠡ ᠵᠢᠵᠢᠭ ᠲᠣᠭᠤᠷᠢᠭ ᠲᠤ  ᠲᠠᠷᠬᠠᠵᠤ᠂  ᠪᠦᠬᠡᠮ ᠬᠦᠴᠢᠯ ᠤᠨ ᠪᠠᠶᠢᠴᠠᠭᠠᠯᠳᠠ ᠬᠢᠬᠦ ᠠᠵᠢᠯ ᠳᠤ ᠬᠠᠮᠵᠢᠯᠴᠠᠵᠠᠢ᠂  ᠡᠮᠨᠡᠯᠬᠡ ᠶᠢᠨ ᠠᠵᠢᠯᠳᠠᠳ ᠪᠠ ᠠᠷᠠᠳ ᠢᠷᠭᠡᠳ ᠢᠳᠡᠪᠬᠢᠳᠡᠢ ᠰᠠᠶᠢᠨ ᠬᠠᠮᠵᠢᠯᠴᠠᠵᠤ ᠪᠠᠶᠢᠭᠠᠳ ᠡᠨᠡ ᠤᠳᠠᠭᠠᠨ ᠤ  ᠬᠢᠵᠢᠭ ᠰᠡᠷᠭᠡᠶᠢᠯᠡᠬᠦ ᠡᠭᠦᠷᠭᠡ  ᠶᠢ ᠠᠮᠵᠢᠯᠲᠠ ᠲᠠᠢ ᠪᠡᠶᠡᠯᠡᠬᠦᠯᠦᠭᠰᠡᠨ ᠶᠤᠮ᠃ ᠡᠨᠡ ᠤᠳᠠᠭᠠᠨ ᠤ ᠡᠭᠦᠷᠭᠡ ᠨᠢ ᠣᠯᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠰᠢᠯᠭᠠᠭᠰᠠᠨ ᠢᠶᠠᠷ ᠪᠠᠷᠠᠬᠤ ᠦᠭᠡᠢ ᠪᠢᠳᠡᠨ ᠳᠤ ᠪᠠᠰᠠ ᠨᠠᠩ ᠪᠠᠶᠠᠯᠢᠭ ᠪᠣᠳᠠᠲᠤ  ᠲᠠᠶᠢᠯᠠᠯᠳᠤᠭᠠᠨ ᠤ ᠠᠷᠭ᠎ᠠ ᠲᠤᠷᠰᠢᠯᠭ᠎ᠠ  ᠬᠤᠷᠠᠮᠳᠤᠭᠤᠯᠵᠤ ᠦᠭᠴᠡᠢ︾ ᠭᠡᠵᠦ ᠬᠤᠰᠢᠭᠤ ᠡᠮᠨᠡᠯᠭᠡ ᠶᠢᠨ ᠬᠤᠷᠢᠶᠠᠨ ᠤ ᠰᠤᠪᠢᠯᠠᠭᠴᠢ ᠶᠢᠨ ᠳᠠᠷᠤᠭ᠎ᠠ ᠴᠧᠨ ᠱᠤ᠋ ᠴᠢᠨ ᠶᠠᠷᠢᠯ᠎ᠠ᠃  ᠲᠡᠷᠡᠪᠡᠷ ᠲᠡᠭᠡᠷ᠎ᠡ ᠤᠳᠠᠭ᠎ᠠ ᠡᠷᠢᠶᠡᠨ ᠬᠤᠲᠠ ᠳᠤ ᠬᠢᠵᠢᠭ ᠡᠬᠦᠰᠬᠦ ᠳᠤ ᠪᠠᠰᠠ ᠰᠠᠯᠪᠤᠷᠢ ᠠᠩᠬᠢ ᠶᠢᠨ ᠨᠦᠬᠦᠳ ᠲᠠᠢ ᠪᠠᠨ ᠬᠠᠮᠳᠤ ᠨᠢᠭᠡᠳᠦᠭᠡᠷ ᠹᠷᠣᠨᠲ ᠳᠤ ᠬᠦᠷᠴᠦ᠂ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠳᠤ ᠤᠷᠤᠯᠴᠠᠭᠰᠠᠨ ᠪᠠᠶᠢᠵᠠᠢ᠃      ᠬᠤᠶᠠᠳᠤᠭᠠᠷ ᠰᠠᠯᠪᠤᠷᠢ ᠠᠩᠭᠢ ᠶᠢᠨ ᠳᠠᠷᠤᠭ᠎ᠠ᠂   ᠬᠤᠰᠢᠭᠤᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠠᠨ ᠶᠦᠩ ᠱᠧᠩ᠄ ︽  ᠪᠦᠬᠦᠮ ᠬᠦᠴᠢᠯ ᠤᠨ ᠪᠠᠶᠢᠴᠠᠭᠠᠯᠳᠠ ᠶᠢᠨ ᠠᠩᠭᠢ ᠶᠢᠨ ᠭᠡᠰᠢᠭᠦᠨ ᠪᠣᠯ ︽ᠬᠢᠵᠢᠭ ᠰᠡᠷᠭᠡᠶᠢᠯᠡᠬᠦ ᠲᠠᠶᠢᠨ ᠤ ᠹᠠᠷᠤᠨᠲ ᠤᠨ ᠲᠤᠷᠰᠢᠭᠤᠯᠴᠢᠨ︾  ᠬᠡᠵᠦ ᠬᠡᠯᠡᠵᠦ ᠪᠤᠯᠤᠨ᠎ᠠ᠂ ᠸᠢᠷᠦ᠋ᠰ ᠠᠴᠠ ᠬᠠᠮᠤᠭ ᠤᠨ ᠣᠶᠢᠷ᠎ᠠ ᠭᠠᠵᠠᠷ ᠲᠤ ᠴᠠᠭ ᠮᠦᠴᠡ ᠲᠠᠢ ᠤᠷᠤᠯᠳᠤᠵᠤ ᠠᠵᠢᠯᠯᠠᠳᠠᠭ᠃   ᠠᠷᠪᠠᠭᠠᠳ ᠡᠳᠦᠷ ᠲᠤ  ᠪᠢᠳᠡ ᠠᠶᠢᠯ ᠡᠷᠦᠬᠡ ᠪᠠᠷ ᠣᠷᠣᠵᠤ ᠪᠦᠬᠡᠮ ᠬᠦᠴᠢᠯ ᠤᠨ ᠦᠯᠢᠭᠡᠷ ᠠᠪᠬᠤ ᠠᠵᠢᠯ ᠢ ᠬᠢᠵᠡᠢ᠂  ᠮᠠᠨ  ᠤ ᠪᠠᠶᠢᠴᠠᠭᠠᠬᠤ ᠨᠢᠭᠤᠷᠯᠠᠯ ᠨᠢ ᠭᠤᠤᠯᠳᠠᠭᠤ  ᠨᠢᠬᠳᠠ ᠤᠶᠢᠷᠠᠳᠤᠭᠰᠠᠳ  ᠂  ᠨᠢᠬᠳᠠ ᠤᠶᠢᠷᠠᠳᠤᠭᠰᠠᠳ ᠲᠠᠢ ᠤᠶᠢᠷᠠᠳᠤᠭᠰᠠᠳ ᠪᠤᠯᠤᠨ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠰ ᠪᠣᠯᠣᠨ᠎ᠠ᠃ ᠮᠠᠨ ᠤ ᠰᠠᠯᠪᠤᠷᠢ ᠠᠩᠭᠢ ᠶᠢᠨ ᠭᠡᠰᠢᠭᠦᠳ ᠲᠤᠬᠠᠢ ᠶᠢᠨ ᠭᠠᠵᠠᠷ ᠤᠨ ᠠᠵᠢᠯ ᠨᠢᠭᠡᠲᠡᠨ ᠲᠠᠢ ᠨᠢᠭᠲᠠ ᠬᠠᠮᠵᠢᠯᠴᠠᠵᠤ  ᠂ ᠡᠭᠦᠷᠭᠡ ᠪᠠᠨ ᠠᠮᠵᠢᠯᠳᠠ ᠲᠠᠢ ᠪᠡᠶᠡᠯᠡᠬᠦᠯᠪᠡ᠃  ᠡᠨᠡ  ᠬᠤᠭᠤᠴᠠᠭᠠᠨ ᠳᠤ 26000  ᠭᠠᠷᠤᠢ ᠬᠥᠮᠥᠨ ᠤᠳᠠᠭ᠎ᠠ ᠶᠢᠨ ᠦᠯᠢᠭᠡᠷ ᠠᠪᠬᠤ ᠠᠵᠢᠯ ᠢ ᠬᠦᠢᠴᠡᠳᠭᠡᠭᠰᠡᠨ︾  ᠃      ᠤᠭᠳᠤᠨ ᠲᠤᠰᠬᠤ ᠠᠬᠤᠢ ᠲᠠᠯᠠᠪᠠᠶ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂  ᠬᠤᠰᠢᠭᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ  ᠵᠢᠴᠢ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠵᠢᠴᠢ ᠬᠤᠪᠢ ᠶᠢᠨ ᠡᠮᠴᠢᠯᠡᠭᠡᠨ ᠤ ᠭᠠᠵᠠᠷ ᠤᠨ ᠠᠵᠢᠯ ᠨᠢᠬᠡᠳᠡᠳ ᠨᠢ  ︽ᠡᠷᠡᠬᠦᠯ ᠡᠩᠬᠡ ᠶᠢᠨ ᠡᠯᠴᠢ︾ ᠨᠠᠷ ᠢᠶᠠᠨ ᠤᠭᠳᠤᠨ ᠠᠪᠴᠤ᠂   ᠬᠤᠸᠠᠷ ᠴᠡᠴᠡᠭ ᠬᠦᠷᠭᠡᠨ ᠬᠦᠨᠳᠦᠳᠬᠡᠯ  ᠲᠠᠯᠠᠷᠬᠠᠯ ᠢᠶᠠᠨ ᠢᠯᠡᠷᠭᠡᠶᠢᠯᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号