ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ ᠤᠨ ᠵᠠᠷᠯᠠᠯ ︵92 ᠲᠣᠭᠠᠲᠤ︶
ᠨᠡᠶᠢᠲᠡᠯᠡᠭᠰᠡᠨ ᠴᠠᠭ᠄
2022/9/22
    ᠣᠶᠢᠷ᠎ᠠ   ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠳᠤ ᠬᠢᠵᠢᠭ ᠤᠨ ᠪᠠᠶᠢᠳᠠᠯ ᠣᠯᠠᠨ ᠭᠠᠵᠠᠷ ᠲᠤ ᠳᠡᠯᠭᠡᠷᠡᠵᠦ᠂ ᠣᠯᠠᠨ ᠭᠠᠵᠠᠷ ᠲᠤ ᠪᠠᠶᠢᠨ ᠳᠠᠬᠢᠨ ᠡᠭᠦᠰᠴᠦ ᠪᠠᠶᠢᠭ᠎ᠠ᠃ ᠲᠡᠷᠡᠴᠢᠯᠡᠨ ︽ᠤᠯᠤᠰ ᠤᠨ ᠪᠠᠶᠠᠷ︾ ᠤᠨ ᠠᠮᠠᠷᠠᠯᠲᠠ  ᠣᠶᠢᠷᠠᠳᠴᠤ᠂  ᠶᠠᠪᠤᠵᠤ ᠢᠷᠡᠬᠦ ᠬᠦᠮᠦᠨ ᠤᠯᠠᠰᠢᠷᠠᠭᠠᠳ᠂ ᠬᠢᠵᠢᠭ ᠤᠨ ᠲᠦᠭᠰᠢᠭᠦᠷᠢ ᠴᠤ ᠨᠡᠮᠡᠭᠳᠡᠬᠦ ᠪᠤᠯᠤᠨ᠎ᠠ᠃ ᠮᠠᠨ ᠤ ᠬᠤᠰᠢᠭᠤᠨ ᠤ ᠪᠠᠨ ᠠᠷᠠᠳ ᠢᠷᠭᠡᠳ ᠤᠨ ᠪᠠᠶᠠᠷ ᠬᠥᠷ ᠲᠠᠢ᠂ ᠡᠷᠡᠭᠦᠯ ᠮᠡᠨᠳᠦ᠂ ᠠᠮᠤᠷ ᠲᠦᠪᠰᠢᠨ   ᠢᠶᠠᠷ  ︽ᠠᠯᠳᠠᠨ ᠭᠠᠷᠠᠭ︾ ᠢᠶᠠᠨ  ᠥᠩᠭᠡᠷᠡᠭᠡᠬᠦ ᠶᠢ ᠪᠠᠳᠤᠯᠠᠬᠤ ᠶᠢᠨ ᠲᠥᠯᠥᠭᠡ᠂  ᠡᠳᠦᠬᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠰᠦᠬᠡᠢ᠄     ᠨᠢᠭᠡ᠂ ᠴᠢᠬᠤᠯᠠ ᠤᠴᠢᠷ ᠦᠭᠡᠢ ᠪᠣᠯ ᠨᠠᠰᠢ ᠴᠠᠰᠢ ᠢᠷᠡᠵᠦ ᠶᠠᠪᠤᠬᠤ ᠶᠢ ᠴᠡᠭᠡᠷᠯᠡᠨ᠎ᠡ᠃ ︽ᠤᠯᠤᠰ ᠤᠨ ᠪᠠᠶᠠᠷ︾ ᠤᠨ ᠬᠤᠭᠤᠴᠠᠭᠠᠨ ᠳᠤ᠂ ᠥᠷᠭᠡᠨ ᠣᠯᠠᠨ ᠰᠠᠭᠤᠭᠠᠯᠢ ᠠᠷᠠᠳ ᠤᠨ ᠲᠤᠬᠠᠢ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ  ᠦᠩᠭᠡᠷᠡᠭᠡᠬᠦ ᠶᠢ ᠰᠠᠨᠠᠭᠠᠴᠢᠯᠠᠵᠤ ᠪᠠᠶᠢᠨ᠎ᠠ᠂ ︽ ᠴᠢᠬᠤᠯᠠ ᠦᠬᠡᠢ ᠪᠤᠯ ᠬᠤᠰᠢᠭᠤᠨ ᠠᠴᠠ  ᠪᠠᠨ ᠭᠠᠷᠬᠤ ᠦᠭᠡᠢ︾ ᠪᠠᠶᠢᠵᠤ᠂  ᠢᠯᠠᠩᠭᠤᠶ᠎ᠠ ᠠᠶᠢᠮᠠᠭ ᠬᠤᠲᠠ ᠠᠯᠤᠰᠯᠠᠨ ᠭᠠᠳᠠᠭᠰᠢ ᠭᠠᠷᠬᠤ ᠶᠢ ᠪᠠᠭᠠᠰᠬᠠᠨ᠎ᠠ᠃ ᠳᠤᠮᠳᠠ ᠦᠨᠳᠦᠷ ᠲᠡᠰ ᠤᠨ  ᠲᠦᠭᠰᠢᠬᠦᠷᠢᠳᠦ ᠣᠷᠣᠨ ᠤ ᠪᠠᠶᠢᠭ᠎ᠠ ᠬᠤᠰᠢᠭᠤ ᠰᠢᠶᠠᠨ ︵ᠲᠣᠭᠤᠷᠢᠭ︶ ᠳᠤ ᠤᠴᠢᠵᠤ ᠦᠩᠭᠡᠷᠡᠭᠰᠡᠨ ᠬᠦᠮᠦᠰ ᠴᠢᠬᠤᠯᠠ ᠦᠬᠡᠢ ᠪᠤᠯ ᠮᠠᠨ ᠤ ᠬᠤᠰᠢᠭᠤᠨ ᠳᠤ ᠢᠷᠡᠬᠦ ︵ᠪᠤᠴᠠᠬᠤ︶ ᠶᠢ ᠴᠡᠭᠡᠷᠯᠡᠨ᠎ᠡ᠃ ᠠᠯᠪᠠᠨ ᠶᠠᠪᠤᠳᠠᠯ ᠭᠦᠢᠴᠡᠳᠬᠡᠬᠦ᠂ ᠦᠢᠯᠡᠳᠪᠦᠷᠢᠯᠡᠯ ᠠᠮᠢᠳᠤᠷᠠᠯ ᠤᠨ ᠪᠠᠳᠤᠯᠠᠭᠠᠨ ᠤ ᠠᠵᠢᠯ ᠬᠢᠵᠦ ᠪᠠᠶᠢᠭ᠎ᠠ ᠬᠦᠮᠦᠰ ᠦᠨᠡᠭᠡᠷ ᠢᠷᠡᠵᠦ ᠶᠠᠪᠤᠬᠤ  ᠴᠢᠬᠤᠯᠠ ᠲᠠᠢ ᠪᠤᠯ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠦᠰᠦᠪ ︵ᠶᠢᠰᠦᠳᠦᠭᠡᠷ  ᠭᠡᠪᠯᠡᠯ︶︾  ᠤᠨ ᠬᠤᠯᠪᠣᠭᠳᠠᠯ ᠪᠦᠬᠦᠢ ᠲᠣᠭᠲᠠᠭᠠᠯ ᠤᠨ ᠲᠠᠭᠠᠤ ᠬᠡᠷᠡᠭᠵᠢᠭᠦᠯᠦᠨ᠎ᠡ᠃      ᠬᠤᠶᠠᠷ᠂ ᠢᠷᠡᠭᠰᠡᠨ ᠬᠥᠮᠥᠰ ᠦᠪᠡᠷ ᠤᠨ ᠤᠬᠠᠮᠰᠠᠷ ᠠᠴᠠ ᠪᠠᠨ ᠮᠡᠳᠡᠭᠦᠯᠦᠨ ᠲᠠᠩᠰᠠᠯᠠᠭᠤᠯᠤᠨ᠎ᠠ᠃  ᠮᠠᠨ ᠤ ᠬᠤᠰᠢᠭᠤᠨ ᠳᠤ ᠢᠷᠡᠭᠰᠡᠨ ᠪᠤᠶ ᠪᠦᠬᠦᠢ ᠬᠥᠮᠥᠰ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠤᠶᠤ ᠵᠤᠴᠢᠳ ᠤᠨ ᠪᠠᠭᠤᠳᠠᠯ  ᠳᠠᠭᠠᠨ ᠤᠷᠢᠳᠴᠢᠯᠠᠨ ᠮᠡᠳᠡᠭᠦᠯᠵᠦ᠂ 7 ᠡᠳᠦᠷ ᠤᠨ  ᠲᠤᠳᠤᠷᠠᠬᠢ  ᠶᠠᠪᠤᠵᠤ ᠰᠠᠭᠤᠭᠰᠠᠨ ᠵᠠᠮ ᠮᠦᠷ ᠤᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠶᠢᠨ ᠬᠠᠮᠲᠤ ᠰᠡᠷᠭᠡᠶᠢᠯᠡᠨ ᠡᠵᠡᠮᠳᠡᠬᠦ ᠠᠷᠭ᠎ᠠ  ᠲᠦᠷᠢᠮ ᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠵᠠᠮ ᠬᠠᠷᠢᠯᠴᠠᠭᠠᠨ ᠤ ᠪᠤᠭᠤᠮᠳᠠ ᠪᠠ ᠮᠠᠰᠢᠨ ᠲᠡᠷᠭᠡᠨ ᠤ ᠥᠷᠲᠡᠭᠡ  ᠨᠢ 48 ᠴᠠᠭ ᠤᠨ ᠲᠤᠳᠤᠷᠠᠬᠢ ᠪᠥᠭᠡᠮ ᠬᠦᠴᠢᠯ ᠤᠨ ᠪᠠᠶᠢᠴᠠᠭᠠᠯᠳᠠ  ᠶᠢᠨ ᠭᠡᠷᠡᠴᠢ ᠶᠢ ᠴᠢᠩᠭ᠎ᠠ ᠨᠢᠮᠪᠠᠢ ᠰᠢᠯᠭᠠᠨ ᠪᠠᠶᠢᠴᠠᠭᠠᠵᠤ᠂ ᠺᠣᠳ᠋ ᠰᠢᠷᠪᠢᠵᠦ ᠲᠠᠩᠰᠠᠯᠠᠬᠤ ᠪᠠ ︽ᠲᠤᠬᠠᠢ ᠶᠢᠨ ᠭᠠᠵᠠᠷ ᠤᠨ ᠪᠠᠶᠢᠴᠠᠭᠠᠯᠳᠠ︾  ᠵᠡᠷᠭᠡ ᠠᠵᠢᠯ ᠢ ᠰᠠᠶᠢᠨ ᠬᠢᠬᠦ ᠬᠡᠷᠡᠭᠲᠡᠢ᠃ ᠬᠢᠵᠢᠭ ᠰᠡᠷᠭᠡᠶᠢᠯᠡᠬᠦ ᠠᠵᠢᠯ ᠳᠤ ᠬᠠᠮᠵᠢᠯᠴᠠᠬᠤ ᠦᠬᠡᠢ᠂ ᠮᠡᠳᠡᠬᠦᠯᠦᠨ  ᠲᠠᠩᠰᠠᠯᠠᠭᠤᠯᠬᠤ ᠦᠭᠡᠢ ᠪᠤᠶᠤ  ᠨᠢᠭᠤᠵᠤ ᠲᠠᠷᠤᠬᠤ᠂ ᠬᠤᠳᠠᠯ ᠢᠶᠠᠷ ᠮᠡᠳᠡᠬᠦᠯᠬᠦ ᠂ ᠪᠠᠶᠢᠴᠠᠭᠠᠯᠲᠠ ᠠᠴᠠ ᠵᠠᠶᠢᠯᠠᠬᠤ ᠵᠢᠴᠢ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ  ᠭᠡᠷᠡᠭᠵᠢᠬᠦᠯᠦᠭᠰᠡᠨ ᠦᠬᠡᠢ ᠪᠤᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠯᠭᠤᠬᠤ ᠬᠠᠤᠯᠢ︾ ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠵᠦ ᠵᠠᠯᠬᠠᠭᠠᠨ ᠰᠢᠳᠬᠡᠨ᠎ᠡ᠂ ᠬᠦᠨᠳᠦ ᠨᠣᠴᠢᠲᠠᠢ ᠦᠷ᠎ᠡ ᠨᠦᠯᠦᠭᠡ ᠭᠠᠷᠭᠠᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠭᠤᠷᠪᠠ᠂ ᠭᠤᠣᠯᠳᠠᠯᠭ᠎ᠠ ᠲᠠᠢ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ᠂ ᠣᠯᠠᠨ ᠨᠡᠶᠢᠲᠡ ᠶᠢᠨ ᠲᠠᠯᠠᠪᠤᠷ  ᠨᠢ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂  ᠠᠷᠢᠭᠤᠳᠬᠠᠯ ᠬᠢᠬᠦ᠂ ᠨᠢᠭᠡ ᠮᠧᠲᠷ ᠤᠨ ᠵᠠᠢ ᠠᠪᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠯᠠᠪᠤᠷ ᠲᠤ ᠣᠷᠣᠭᠰᠠᠨ ᠪᠦᠬᠦᠶᠢᠯᠡ ᠬᠥᠮᠥᠰ ᠢ ᠱᠠᠭᠠᠷᠳᠠᠨ  ︽ᠰᠢᠯᠢ ᠶᠢᠨ ᠭᠤᠤᠯ ᠡᠷᠡᠭᠦᠯ ᠮᠡᠨᠳᠦ ᠶᠢᠨ ᠺᠤᠳ᠋︾  ᠂  ︽ᠲᠠᠯᠠᠪᠤᠷ ᠤᠨ ᠺᠤᠳ᠋ ︾ ᠢ  ᠰᠢᠷᠪᠢᠵᠦ ᠲᠠᠩᠰᠠᠯᠠᠭᠤᠯᠬᠤ ᠶᠢᠨ ᠬᠠᠮᠳᠤ᠂  ᠠᠵᠢᠯᠳᠠᠳ ᠤᠨ ᠢᠶᠠᠨ ᠡᠷᠡᠭᠦᠯ ᠮᠡᠨᠳᠦ ᠶᠢᠨ ᠬᠢᠨᠠᠯᠳᠠ ᠶᠢ ᠰᠠᠶᠢᠨ ᠬᠢᠬᠦ ᠬᠡᠷᠡᠭᠲᠡᠢ᠃  ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠵᠢᠭ   ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠲᠦᠷᠢᠮ ᠢ  ᠭᠡᠷᠡᠭᠵᠢᠬᠦᠯᠦᠭᠰᠡᠨ ᠦᠬᠡᠢ ᠡᠵᠡᠩᠨᠡᠯᠲᠡ ᠶᠢᠨ ᠲᠠᠯᠠᠪᠤᠷ ᠤᠨ ᠠᠵᠢᠯ ᠢ ᠨᠢ ᠵᠣᠭᠰᠣᠭᠠᠵᠤ ᠴᠡᠭᠴᠡᠯᠡᠬᠦ ᠬᠡᠷᠡᠭᠲᠡᠢ᠃     ᠳᠥᠷᠪᠡ᠂ ᠬᠤᠪᠢ ᠬᠥᠮᠥᠨ ᠤ ᠰᠡᠷᠭᠡᠶᠢᠯᠡᠯᠳᠡ ᠬᠠᠮᠠᠭᠠᠯᠠᠯᠲᠠ ᠪᠠᠨ ᠴᠢᠩᠭᠠᠳᠬᠠᠨ᠎ᠠ᠃ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠨ ᠬᠢᠵᠦ᠂ ᠠᠮᠠᠪᠴᠢ ᠵᠡᠭᠦᠬᠦ ᠶᠢ ᠲᠦᠷᠢᠮᠵᠢᠬᠦᠯᠦᠨ᠂  ᠠᠶᠤᠯᠬᠦᠢ   ᠵᠠᠢ ᠶᠢ  ᠪᠠᠷᠢᠮᠳᠠᠯᠠᠵᠤ᠂ ᠬᠤᠪᠢ ᠬᠥᠮᠥᠨ ᠤ ᠡᠷᠡᠭᠦᠯ ᠬᠠᠮᠠᠭᠠᠯᠠᠯ ᠢ ᠠᠩᠬᠠᠷᠤᠨ᠂ ᠥᠪᠡᠷ ᠤᠨ ᠪᠡᠶ᠎ᠡ ᠪᠠ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠢᠮᠠᠭᠳᠠ ᠠᠩᠬᠠᠷᠬᠤ ᠬᠡᠷᠡᠭᠲᠡᠢ᠂  ᠭᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠰᠠᠭᠤᠯᠭᠠᠬᠤ᠂  ᠦᠨᠦᠷᠯᠡᠬᠦ ᠰᠡᠷᠡᠯ ᠮᠠᠭᠤᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠴᠠᠭ ᠲᠤᠬᠠᠢ ᠳᠤᠨᠢ ᠬᠤᠰᠢᠭᠤ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠬᠦ ᠶᠢᠨ ᠬᠠᠮᠲᠤ᠂  ᠬᠠᠮᠢᠭ᠎ᠠ ᠭᠠᠵᠠᠷ  ᠬᠦᠷᠦᠭᠰᠡᠨ᠂  ᠬᠡᠨ ᠬᠥᠮᠥᠨ ᠲᠠᠢ ᠣᠶᠢᠷᠠᠲᠤᠭᠰᠠᠨ ᠵᠡᠷᠭᠡ ᠤᠴᠢᠷ ᠪᠠᠶᠢᠳᠠᠯ ᠢᠶᠠᠨ ᠦᠨᠡᠨ ᠶᠢᠨ ᠮᠡᠳᠡᠬᠦᠯᠬᠦ ᠬᠡᠷᠡᠭᠲᠡᠢ᠃     ᠲᠠᠪᠤ᠂ ᠲᠣᠰ ᠡᠳᠦᠷ ᠠᠴᠠ ᠡᠬᠢᠯᠡᠨ᠂ ᠬᠤᠷᠢᠮ ᠨᠠᠶᠢᠷ ᠤᠨ ᠠᠵᠢᠯᠯᠠᠭ᠎ᠠ ᠶᠢ ᠨᠥᠬᠦᠴᠡᠯ ᠲᠠᠢ ᠪᠠᠷ ᠰᠡᠷᠬᠦᠬᠡᠨ᠎ᠡ᠃  ᠬᠤᠷᠢᠮ ᠨᠠᠶᠢᠷ   ᠤᠨ ᠭᠤᠣᠯᠯᠠᠨ ᠡᠷᠭᠢᠯᠡᠬᠦ ᠲᠠᠯ᠎ᠠ ᠨᠢ ᠲᠠᠭᠠᠭᠠᠴᠢᠯᠠᠨ ᠡᠷᠬᠢᠯᠡᠬᠦ ᠲᠠᠯ᠎ᠠ ᠶᠢᠨ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠵᠤ᠂  ᠲᠠᠭᠠᠭᠠᠴᠢᠯᠠᠨ ᠡᠷᠬᠢᠯᠡᠬᠦ ᠬᠤᠭᠤᠯᠠᠨ ᠭᠡᠷ ᠪᠤᠶᠤ ᠵᠣᠴᠢᠳ ᠤᠨ ᠪᠠᠭᠤᠳᠠᠯ ᠨᠢ ᠬᠤᠰᠢᠭᠤᠨ ᠤ ᠵᠠᠬ᠎ᠠ ᠳᠡᠯᠭᠡᠭᠦᠷ  ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠤᠷᠢᠳᠴᠢᠯᠠᠨ ᠲᠠᠩᠰᠠᠯᠠᠭᠤᠯᠬᠤ ᠶᠢᠨ ᠬᠠᠮᠳᠤ᠂  ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠯᠠᠨ ᠡᠷᠭᠢᠯᠡᠬᠦ ᠲᠠᠯ᠎ᠠ ᠨᠢ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠵᠢᠴᠢ ᠲᠡᠬᠦᠨ ᠤ ᠪᠠᠶᠢᠭ᠎ᠠ ᠬᠤᠰᠢᠭᠤ ᠰᠢᠶᠠᠨ ᠬᠤᠲᠠ ᠲᠣᠭᠤᠷᠢᠭ ᠤᠨ ᠲᠦᠭᠰᠢᠭᠦᠷᠢ ᠪᠠᠭᠠᠲᠠᠢ ᠭᠠᠵᠠᠷ ᠣᠷᠣᠨ ᠤ ᠬᠥᠮᠥᠰ ᠢ ᠬᠤᠷᠢᠮ ᠨᠠᠶᠢᠷ  ᠲᠠᠭᠠᠨ ᠤᠷᠢᠨ ᠣᠷᠣᠯᠴᠠᠭᠤᠯᠵᠤ ᠪᠣᠯᠬᠤ ᠦᠭᠡᠢ᠃        ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665    ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675    ᠪᠤᠤᠴᠠᠩ ᠪᠠᠯᠭᠠᠰᠤ ︵ᠨᠡᠶᠢᠭᠡᠮ ᠲᠣᠭᠤᠷᠢᠭ︶   ᠄ 0479 ︱ 5222227    ᠵᠢᠶᠠᠨ ᠰᠢᠩ ᠨᠡᠶᠢᠭᠡᠮ ᠲᠣᠭᠤᠷᠢᠭ᠄ 13644792511    ᠪᠦᠦ ᠹᠧᠩ ᠨᠡᠶᠢᠭᠡᠮ ᠲᠣᠭᠤᠷᠢᠭ᠄ 13947930729    ᠨᠠᠨ ᠵᠢᠶᠣᠣ ᠨᠡᠶᠢᠭᠡᠮ ᠲᠣᠭᠤᠷᠢᠭ᠄ 18847938988    ᠰᠢᠨ  ᠬᠤᠸᠠ ᠨᠡᠶᠢᠬᠡᠮ ᠲᠣᠭᠤᠷᠢᠭ᠄ 13947395770     ᠲᠠᠢ ᠫᠢᠩ ᠨᠡᠶᠢᠭᠡᠮ ᠲᠣᠭᠤᠷᠢᠭ᠄ 15849930009    ᠳ᠋ᠦᠩ ᠵᠢᠶᠣᠣ ᠨᠡᠶᠢᠭᠡᠮ ᠲᠣᠭᠤᠷᠢᠭ᠄ 13947966967    ᠬᠦᠨᠪᠤᠯᠠᠭ ᠰᠤᠮᠤ  ᠄ 0479 ︱ 5887015       13234794613    ᠴᠢᠶᠠᠨ ᠶᠢᠨ ᠭᠧᠦ ᠪᠠᠯᠭᠠᠰᠤ᠄ 0479-2265514    15249535203    ᠬᠤᠩ ᠴᠢ ᠪᠠᠯᠭᠠᠰᠤ᠄ 0479 ︱ 5823064    ᠯᠦᠸᠧ ᠲᠦᠸᠧ ᠱᠠᠨ ᠪᠠᠯᠭᠠᠰᠤ᠄ 0479 ︱ 5855017    ᠶᠦᠩ ᠹᠧᠩ  ᠪᠠᠯᠭᠠᠰᠤ  ᠄ 0479-2265106    ᠰᠢᠩ ᠹᠦ᠋ ᠰᠢᠶᠠᠩ ᠄ 0479-5899968  15547956376                                                        ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ         ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ                                                                                        2022 ᠣᠨ ᠤ 9 ᠰᠠᠷ᠎ᠠ ᠶᠢᠨ 21 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号