9 ᠰᠠᠷ᠎ᠠ ᠶᠢᠨ 21 ᠤ ᠦᠳᠡᠰᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ | ᠬᠤᠰᠢᠭᠤ ᠳᠠᠷᠤᠭ᠎ᠠ ᠮᠠ ᠷᠦᠢ ᠮᠠᠨ ᠪᠠᠶᠢᠴᠠᠭᠠᠬᠤ ᠪᠦᠯᠬᠦᠮ ᠲᠠᠭᠠᠭᠤᠯᠵᠤ ᠵᠣᠴᠢᠳ ᠤᠨ ᠪᠠᠭᠤᠳᠠᠯ ᠪᠠ ᠬᠤᠭᠤᠯᠠᠨ | ᠭᠡᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠯᠳᠠ ᠬᠢᠵᠡᠢ᠃ ᠪᠠᠶᠢᠴᠠᠭᠠᠬᠤ | ᠪᠦᠯᠬᠦᠮ ᠤᠨ ᠬᠢᠨ ᠪᠧᠢ ᠳ᠋ᠧᠦ ᠰᠢᠨ ᠪᠠᠭᠤᠳᠠᠯ᠂ ᠶᠤᠸᠠᠢ ᠱᠤ᠋ ᠲᠠᠢ ᠪᠠᠭᠤᠳᠠᠯ᠂ ᠠᠵᠠᠳᠠᠢ ᠪᠠᠭᠤᠳᠠᠯ ᠵᠡᠷᠭᠡ | ᠬᠤᠭᠤᠯᠠᠨ ᠭᠡᠷ ᠵᠣᠴᠢᠳ ᠤᠨ ᠪᠠᠭᠤᠳᠠᠯ ᠢᠶᠠᠷ ᠲᠤᠭᠤᠷᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠤᠯ ᠴᠣᠭᠴᠠ ᠶᠢᠨ ᠬᠠᠷᠢᠭᠤᠴᠠᠯᠭ᠎ᠠ᠂ ᠣᠷᠴᠢᠨ ᠲᠤᠭᠤᠷᠢᠨ ᠤ ᠴᠡᠪᠡᠷᠯᠡᠭᠡ ᠠᠷᠢᠭᠤᠳᠬᠠᠯ᠂ ᠠᠵᠢᠯᠲᠠᠨ ᠤ ᠡᠷᠡᠭᠦᠯ | ᠮᠡᠨᠳᠦ ᠶᠢᠨ ᠬᠢᠨᠠᠯᠳᠠ ᠬᠠᠮᠢᠶᠠᠷᠤᠯᠲᠠ᠂ ᠪᠠᠭᠤᠳᠠᠯ ᠳᠤ ᠰᠠᠭᠤᠬᠤ ᠬᠥᠮᠥᠰ ᠤᠨ ᠬᠠᠯᠠᠭᠤᠨ ᠢ ᠬᠡᠮᠵᠢᠬᠦ᠂ ︽ᠰᠢᠯᠢ ᠶᠢᠨ | ᠭᠤᠤᠯ ᠡᠷᠡᠭᠦᠯ ᠮᠡᠨᠳᠦ ᠶᠢᠨ ᠺᠤᠳ᠋︾ ᠶᠢ ᠰᠢᠷᠪᠢᠵᠦ ᠲᠠᠩᠰᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠲᠦᠷᠢᠮ | ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠬᠦ ᠶᠢᠨ ᠬᠠᠮᠲᠤ ︽ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠮᠡᠳᠡᠭᠳᠡᠯ ᠤᠨ | ᠪᠢᠴᠢᠭ︾ ᠢ ᠲᠠᠷᠬᠠᠭᠠᠭᠰᠠᠨ ᠪᠠᠶᠢᠨ᠎ᠠ᠃ ᠪᠠᠶᠢᠴᠠᠭᠠᠬᠤ ᠪᠦᠯᠬᠦᠮ ᠤᠨ ᠬᠢᠨ ᠬᠤᠭᠤᠯᠠᠨ ᠭᠡᠷ ᠵᠣᠴᠢᠳ ᠤᠨ | ᠪᠠᠭᠤᠳᠠᠯ ᠤᠨ ᠬᠠᠷᠢᠭᠤᠴᠠᠯᠭᠠᠲᠠᠨ ᠨᠠᠷ ᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠲᠤ ᠪᠤᠶ ᠪᠤᠯᠭᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ | ᠬᠢᠵᠢᠭ ᠰᠡᠷᠭᠡᠶᠢᠯᠡᠯᠳᠡ ᠪᠠ ᠠᠶᠤᠯᠭᠦᠢ ᠦᠢᠯᠡᠳᠪᠦᠷᠢᠯᠡᠯ ᠤᠨ ᠬᠤᠣᠰ ᠰᠡᠷᠭᠡᠶᠢᠯᠡᠯᠲᠡ ᠶᠢᠨ ᠱᠤᠭᠤᠮ ᠢ ᠪᠠᠲᠤ | ᠴᠤᠭᠴᠠᠯᠠᠨ᠂ ᠤᠰᠤᠯ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠠᠵᠢᠯ ᠤᠨ ᠲᠦᠷᠢᠮᠵᠢᠯ ᠢ ᠤᠯᠠᠮ | ᠴᠢᠩᠭᠠᠳᠬᠠᠨ᠂ ᠠᠵᠢᠯᠲᠠᠳ ᠤᠨ ᠰᠡᠷᠭᠡᠶᠢᠯᠡᠨ ᠡᠵᠡᠮᠳᠡᠬᠦ ᠤᠬᠠᠮᠰᠠᠷ ᠢ ᠲᠡᠭᠡᠭᠰᠢᠯᠡᠬᠦᠯᠵᠦ᠂ ᠡᠯ᠎ᠡ ᠲᠦᠷᠦᠯ ᠤᠨ ᠠᠷᠭ᠎ᠠ | ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠤᠭᠤᠯᠠᠨ ᠭᠡᠷ ᠵᠣᠴᠢᠳ ᠤᠨ ᠪᠠᠭᠤᠳᠠᠯ ᠤᠨ ᠬᠢᠵᠢᠭ ᠰᠡᠷᠭᠡᠶᠢᠯᠡᠬᠦ | ᠠᠵᠢᠯ ᠢ ᠦᠨᠡᠨᠬᠦ ᠰᠠᠶᠢᠨ ᠬᠢᠵᠦ᠂ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠠᠲᠤ ᠰᠦᠯᠵᠢᠨ᠂ ᠠᠷᠠᠳ ᠤᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠦ | ᠴᠢᠬᠤᠯᠠᠴᠢᠯᠠᠵᠠᠪᠠ᠃ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠬᠢᠨᠠᠨ ᠬᠠᠮᠢᠶᠠᠷᠬᠤ | ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠵᠠᠢ᠃ |